︽ᠬᠥᠨᠳᠡᠯᠡᠨ ᠠᠴᠠ ᠲᠠᠰᠤᠯᠬᠤ + ᠬᠠᠤᠯᠢ ᠴᠠᠭᠠᠵᠠ ᠶᠢᠨ ᠲᠤᠰᠠᠯᠠᠮᠵᠢ︾ ᠶᠢ ᠬᠠᠮᠵᠢᠯᠴᠠᠭᠤᠯᠤᠨ ᠬᠤᠯᠪᠣᠯᠳᠤᠭᠤᠯᠵᠤ ︽ᠡᠶᠡᠳᠡᠭᠦᠯᠬᠦ + ᠲᠢᠩᠬᠢᠮ ᠤᠨ ᠰᠢᠭᠦᠯᠲᠡ︾ ᠶᠢ ᠲᠦᠷᠭᠡᠨ ᠰᠢᠭᠦᠵᠦ ᠲᠦᠷᠭᠡᠨ ᠲᠠᠰᠤᠯᠬᠤ
ᠨᠡᠶᠢᠲᠡᠯᠡᠭᠰᠡᠨ ᠴᠠᠭ᠄
2023/7/18
      ᠣᠶᠢᠷ᠎ᠠ ᠳᠤ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ 10 ᠬᠥᠯᠥᠰᠦᠨ ᠠᠵᠢᠯᠴᠢᠨ ᠤ ᠬᠥᠮᠥᠨ ᠬᠡᠷᠡᠭᠯᠡᠬᠦ ᠨᠢᠭᠡᠴᠢ ᠶᠢᠨ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠠᠮᠲᠤ ᠶᠢᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠬᠦᠯᠢᠶᠡᠨ ᠠᠪᠤᠪᠠ᠃ ᠲᠤᠰ ᠬᠡᠷᠡᠭ ᠲᠤ᠂ ᠬᠥᠮᠥᠨ ᠬᠡᠷᠡᠭᠯᠡᠬᠦ ᠨᠢᠭᠡᠴᠢ ᠬᠥᠯᠥᠰᠦᠨ ᠠᠵᠢᠯᠴᠢᠨ ᠳᠤ 3 ᠰᠠᠷ᠎ᠠ ᠶᠢᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠥᠷᠢᠲᠦᠵᠦ ᠤᠳᠠᠭᠠᠰᠢᠷᠠᠭᠤᠯᠤᠭᠰᠠᠨ ᠪᠠᠶᠢᠨ᠎ᠠ᠃      ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠯᠥᠰᠦᠨ ᠠᠵᠢᠯᠴᠢᠨ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ︽ᠬᠥᠨᠳᠡᠯᠡᠨ ᠠᠴᠠ ᠲᠠᠰᠤᠯᠬᠤ + ᠬᠠᠤᠯᠢ ᠴᠠᠭᠠᠵᠠ ᠶᠢᠨ ᠲᠤᠰᠠᠯᠠᠮᠵᠢ︾ ᠬᠤᠶᠠᠷ ᠵᠠᠮ ᠢ ᠨᠢᠭᠡᠳᠬᠡᠭᠰᠡᠨ ᠬᠡᠷᠡᠭ ᠰᠢᠢᠳᠪᠦᠷᠢᠯᠡᠬᠦ ᠵᠠᠭᠪᠤᠷ ᠢ ᠴᠠᠭ ᠲᠤᠬᠠᠢ ᠳᠤᠨᠢ ᠡᠬᠢᠯᠡᠭᠦᠯᠪᠡ᠃ ᠡᠭᠦᠨ ᠤ ᠵᠡᠷᠭᠡᠪᠡᠷ᠂ ︽ᠲᠦᠷᠭᠡᠨ ᠰᠢᠭᠦᠵᠦ ᠲᠦᠷᠭᠡᠨ ᠲᠠᠰᠤᠯᠬᠤ︾ ᠵᠠᠷᠴᠢᠮ ᠢᠶᠠᠷ ᠦᠳᠲᠡᠷ ᠲᠦᠷᠭᠡᠨ ᠬᠡᠷᠡᠭ ᠪᠣᠯᠭᠠᠨ ᠳᠠᠩᠰᠠᠯᠠᠬᠤ ᠶᠢᠨ ᠬᠠᠮᠲᠤ ᠬᠠᠮᠲᠤᠷᠠᠨ ᠵᠥᠪᠯᠡᠬᠦ ᠲᠢᠩᠬᠢᠮ ᠢ ᠪᠦᠷᠢᠯᠳᠦᠭᠦᠯᠵᠦ᠂ ᠲᠤᠰ ᠬᠠᠮᠲᠤ ᠶᠢᠨ ᠬᠡᠷᠡᠭ ᠢ ᠲᠤᠰᠬᠠᠶᠢᠯᠠᠨ ᠶᠠᠷᠢᠯᠴᠠᠨ ᠰᠤᠳᠤᠯᠵᠤ᠂ ᠬᠡᠷᠡᠭ ᠤᠨ ᠬᠤᠯᠪᠣᠭᠳᠠᠯ ᠪᠦᠬᠦᠢ ᠠᠭᠤᠯᠭ᠎ᠠ ᠶᠢ ᠲᠠᠬᠢᠨ ᠳᠠᠪᠲᠠᠨ ᠬᠠᠷᠭᠤᠭᠤᠯᠵᠤ᠂ ᠡᠴᠦᠰ ᠲᠡᠭᠡᠨ ᠡᠶᠡᠳᠡᠭᠦᠯᠬᠦ ᠪᠠᠷ ᠭᠤᠣᠯ ᠪᠣᠯᠭᠠᠬᠤ᠂ ᠲᠣᠭᠲᠠᠭᠠᠯᠲᠠ ᠭᠠᠷᠭᠠᠬᠤ ᠪᠠᠷ ᠬᠠᠪᠰᠤᠷᠤᠮᠵᠢ ᠪᠣᠯᠭᠠᠬᠤ᠂ ᠡᠶᠡᠳᠡᠭᠦᠯᠬᠦ ᠪᠠ ᠲᠢᠩᠬᠢᠮ ᠤᠨ ᠰᠢᠭᠦᠯᠲᠡ ᠶᠢ ᠵᠡᠷᠭᠡ ᠪᠠᠷ ᠶᠠᠪᠤᠭᠳᠠᠭᠤᠯᠬᠤ ᠬᠡᠷᠡᠭ ᠰᠢᠢᠳᠪᠦᠷᠢᠯᠡᠬᠦ ᠰᠡᠳᠬᠢᠴᠡ ᠶᠢ ᠲᠣᠭᠲᠠᠭᠠᠪᠠ᠃      ᠬᠡᠷᠡᠭ ᠰᠢᠢᠳᠪᠦᠷᠢᠯᠡᠬᠦ ᠶᠠᠪᠤᠴᠠ ᠳᠤ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠬᠤᠶᠠᠷ ᠡᠲᠡᠭᠡᠳ ᠢ ᠤᠯᠠᠨ ᠤᠳᠠᠭ᠎ᠠ ᠡᠶᠡᠳᠡᠭᠦᠯᠭᠡ ᠬᠢᠵᠦ᠂ ᠡᠶᠡᠳᠡᠭᠦᠯᠦᠭᠡᠳ ᠦᠷ᠎ᠡ ᠳ᠋ᠦᠩ ᠭᠠᠷᠤᠭᠰᠠᠨ ᠦᠭᠡᠢ ᠪᠠᠶᠢᠳᠠᠯ ᠤᠨ ᠳᠣᠣᠷ᠎ᠠ᠂ ᠴᠠᠭ ᠲᠤᠬᠠᠢ ᠳᠤᠨᠢ ᠲᠢᠩᠬᠢᠮ ᠨᠡᠭᠡᠭᠡᠵᠦ ᠰᠢᠭᠦᠪᠡ᠃ ᠲᠢᠩᠬᠢᠮ ᠤᠨ ᠰᠢᠭᠦᠯᠲᠡ ᠶᠢᠨ ᠳᠠᠷᠠᠭᠠᠬᠢ 3 ᠡᠳᠦᠷ ᠤᠨ ᠳᠣᠲᠣᠷ᠎ᠠ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠪᠣᠳᠠᠲᠤ ᠬᠡᠷᠡᠭ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠤᠰ ᠬᠠᠮᠲᠤ ᠶᠢᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠲᠤ ᠲᠣᠭᠲᠠᠭᠠᠯᠲᠠ ᠭᠠᠷᠭᠠᠵᠤ᠂ ᠬᠥᠮᠥᠨ ᠬᠡᠷᠡᠭᠯᠡᠬᠦ ᠨᠢᠭᠡᠴᠢ ᠬᠥᠯᠥᠰᠦᠨ ᠠᠵᠢᠯᠲᠠᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠦᠭᠬᠦ ᠬᠡᠷᠡᠭᠲᠡᠢ ᠭᠡᠵᠦ ᠲᠣᠭᠲᠠᠭᠠᠯᠲᠠ ᠭᠠᠷᠭᠠᠵᠠᠢ᠃ ᠲᠤᠰ ᠬᠡᠷᠡᠭ ᠢ ᠳᠠᠩᠰᠠᠯᠠᠭᠰᠠᠨ ᠠᠴᠠ ᠠᠪᠤᠭᠠᠳ ᠳᠠᠭᠤᠰᠬᠠᠬᠤ ᠪᠣᠯᠲᠠᠯ᠎ᠠ ᠵᠥᠪᠬᠡᠨ 23 ᠡᠳᠦᠷ ᠤᠨ ᠴᠠᠭ ᠬᠡᠷᠡᠭᠰᠡᠪᠡ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠬᠡᠷᠡᠭ ᠰᠢᠢᠳᠪᠦᠷᠢᠯᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠬᠥᠨᠳᠡᠯᠡᠨ ᠠᠴᠠ ᠲᠠᠰᠤᠯᠬᠤ + ᠬᠠᠤᠯᠢ ᠴᠠᠭᠠᠵᠠ ᠶᠢᠨ ᠲᠤᠰᠠᠯᠠᠮᠵᠢ︾ ᠶᠢᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ︽ᠲᠦᠷᠭᠡᠨ ᠰᠢᠭᠦᠵᠦ ᠲᠦᠷᠭᠡᠨ ᠲᠠᠰᠤᠯᠬᠤ︾ ᠠᠵᠢᠯ ᠤᠨ ᠠᠷᠭ᠎ᠠ ᠮᠠᠶ᠋ᠢᠭ ᠢ ᠬᠡᠷᠡᠭᠯᠡᠨ᠂ ᠬᠥᠳᠡᠯᠮᠦᠷᠢ ᠶᠢᠨ ᠵᠢᠭᠤᠷᠠᠯᠳᠤᠭᠠᠨ ᠢ ᠴᠠᠭ ᠲᠤᠬᠠᠢ ᠳᠤᠨᠢ ᠠᠷᠢᠯᠭᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号