︽ᠴᠢᠩᠱᠠᠨ ᠲᠣᠭᠤᠷᠢᠭ ᠪᠦᠬᠦᠯᠢ ᠲᠣᠭᠤᠷᠢᠭ ᠢᠶᠠᠷ ᠢᠶᠠᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠠᠵᠢᠯ ᠢ | ᠠᠬᠢᠭᠤᠯᠬᠤ ᠲᠥᠰᠥᠯ︾ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠴᠢᠩᠱᠠᠨ ᠲᠣᠭᠤᠷᠢᠭ ᠤᠨ | ᠬᠠᠮᠲᠤᠷᠠᠯᠴᠠᠭ᠎ᠠ ᠰᠣᠯᠢᠯᠴᠠᠭᠠᠨ ᠤ ᠲᠥᠪ ᠠᠴᠠ ᠣᠯᠠᠨ ᠨᠡᠶᠢᠲᠡ ᠶᠢᠨ ᠪᠠᠶᠢᠭᠤᠯᠤᠮᠵᠢ ᠶᠢᠨ ᠲᠠᠷᠬᠠᠮᠠᠯ ᠮᠠᠶ᠋ᠢᠭ ᠤᠨ | ᠬᠡᠷᠡᠯ ᠴᠡᠨᠡᠭ ᠤᠨ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠪᠠᠶᠢᠭᠤᠯᠬᠤ | ᠶᠣᠰᠣᠲᠠᠢ ᠶᠢ ᠨᠢ ᠴᠥᠮ ᠪᠠᠶᠢᠭᠤᠯᠬᠤ ᠵᠠᠷᠴᠢᠮ ᠢᠶᠠᠷ ᠡᠮᠦᠨᠡᠬᠢ ᠬᠤᠭᠤᠴᠠᠭᠠᠨ ᠳᠤ ᠲᠤᠭᠤᠷᠢᠭ ᠤᠨ ᠬᠠᠷᠢᠶᠠᠨ ᠳᠠᠬᠢ | 23 ᠰᠠᠭᠤᠷᠢ ᠠᠯᠪᠠᠨ ᠠᠴᠠ ᠪᠠᠷᠢᠭᠰᠠᠨ ᠭᠡᠷ ᠪᠠᠶᠢᠰᠢᠩ ᠳᠤ ᠪᠣᠳᠠᠲᠠᠢ ᠭᠠᠵᠠᠷ ᠤᠨ ᠬᠠᠶᠢᠨ ᠰᠢᠨᠵᠢᠯᠡᠯᠲᠡ ᠬᠢᠵᠡᠢ᠃ | ᠴᠢᠩᠱᠠᠨ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠪᠣᠯᠣᠨ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠲᠣᠮᠢᠯᠠᠭᠰᠠᠨ ᠬᠤᠸᠠ ᠳ᠋ᠢᠶᠠᠨ ︵ᠪᠤᠭᠤᠲᠤ︶ ᠤ ᠲᠠᠷᠬᠠᠮᠠᠯ ᠮᠠᠶ᠋ᠢᠭ ᠤᠨ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠯᠠᠨ ᠡᠭᠡᠯᠵᠢ ᠶᠢᠨ ᠵᠥᠪᠳᠡᠯᠴᠡᠭᠡ ᠪᠠᠷ | ᠳᠡᠮᠵᠢᠨ᠂ 2023 ᠣᠨ ᠤ 4 ᠰᠠᠷ᠎ᠠ ᠶᠢᠨ 27 ᠤ ᠡᠳᠦᠷ ︽ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ | ᠠᠰᠠᠷ ᠤᠨ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠲᠦᠷᠦᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾ ᠢ ᠲᠤᠭᠲᠠᠭᠠᠵᠤ᠂ ᠬᠤᠯᠪᠣᠭᠳᠠᠯ ᠪᠦᠬᠦᠢ ᠪᠠᠷᠢᠯᠭ᠎ᠠ ᠶᠢᠨ ᠨᠢᠭᠡᠴᠡ 6 | ᠰᠠᠷ᠎ᠠ ᠶᠢᠨ 30 ᠤ ᠡᠳᠦᠷ ᠲᠠᠯᠠᠪᠠᠶ ᠳᠤ ᠣᠷᠣᠵᠤ᠂ 7 ᠰᠠᠷ᠎ᠠ ᠶᠢᠨ 2 ᠤᠨ ᠡᠳᠦᠷ ᠤᠰᠤ ᠰᠡᠷᠭᠡᠶᠢᠯᠡᠬᠦ ᠮᠠᠲ᠋ᠧᠷᠢᠶᠠᠯ ᠢ | ᠳᠡᠭᠦᠵᠢᠯᠡᠨ ᠤᠭᠰᠠᠷᠠᠵᠤ᠂ ᠣᠲᠣ ᠨᠢᠭᠡᠨᠲᠡ ᠨᠠᠮ ᠵᠠᠰᠠᠭ ᠤᠨ ᠲᠣᠮᠣ ᠠᠰᠠᠷ ᠤᠨ ᠣᠷᠣᠢ ᠶᠢᠨ ᠤᠰᠤ ᠰᠡᠷᠭᠡᠶᠢᠯᠡᠬᠦ | ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠳᠠᠭᠤᠰᠬᠠᠵᠤ᠂ ᠪᠠᠷᠢᠯᠭ᠎ᠠ ᠶᠢᠨ ᠨᠢᠭᠡᠴᠡ ᠴᠢᠩᠱᠠᠨ ᠲᠣᠭᠤᠷᠢᠭ ᠤᠨ ᠨᠠᠮ | ᠵᠠᠰᠠᠭ ᠤᠨ ᠲᠣᠮᠣ ᠠᠰᠠᠷ ᠤᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠲᠤᠬᠠᠢ ᠶᠢᠨ | ᠲᠠᠯᠠᠪᠤᠷ ᠲᠤ ᠭᠠᠷᠭᠠᠭᠰᠠᠨ ᠦᠷ᠎ᠡ ᠪᠦᠲᠦᠭᠡᠯ ᠤᠨ ᠵᠢᠷᠤᠭ ᠢ ᠱᠠᠯᠠᠪᠳᠠᠨ ᠭᠠᠷᠭᠠᠵᠤ ᠪᠠᠶᠢᠨ᠎ᠠ᠃ ᠲᠤᠰ ᠢᠨᠵᠧᠨᠧᠷᠢᠩ ᠢ | 8 ᠰᠠᠷ᠎ᠠ ᠶᠢᠨ ᠰᠡᠭᠦᠯᠴᠢ ᠪᠠᠷ ᠪᠦᠬᠦᠨ ᠢ ᠤᠭᠰᠠᠷᠠᠵᠤ ᠳᠠᠭᠤᠰᠬᠠᠨ᠂ 9 ᠰᠠᠷ᠎ᠠ ᠶᠢᠨ ᠰᠡᠭᠦᠯᠴᠢ ᠪᠠᠷ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠬᠦ ᠪᠠᠷ ᠵᠢᠱᠢᠵᠦ ᠪᠤᠢ᠃ ᠴᠢᠩᠱᠠᠨ ᠲᠣᠭᠤᠷᠢᠭ ᠤᠨ ᠨᠠᠮ ᠵᠠᠰᠠᠭ ᠤᠨ | ᠲᠣᠮᠣ ᠠᠰᠠᠷ ᠤᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠨᠢ 108.9 kWp ᠪᠠᠶᠢᠵᠤ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠵᠢᠯ ᠤᠨ | ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 14.33 ᠲᠦᠮᠡᠨ kWh ᠪᠣᠯᠣᠨ᠎ᠠ᠃ ᠢᠯᠴᠢ ᠶᠢᠨ ᠴᠠᠬᠢᠯᠭᠠᠨ ᠤ | kW·h ᠪᠦᠷᠢ ᠶᠢᠨ ᠴᠠᠬᠢᠯᠭᠠᠨ ᠤ ᠬᠡᠮᠵᠢᠶ᠎ᠡ ᠳᠤ 305.5g ᠪᠠᠷᠢᠮᠵᠢᠶᠠᠲᠤ ᠨᠡᠭᠦᠷᠡᠰᠦ ᠵᠠᠷᠤᠴᠠᠭᠤᠯᠬᠤ ᠪᠠᠷ | ᠪᠤᠳᠤᠪᠠᠯ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ ᠨᠡᠶᠢᠳᠡ 43.77t ᠠᠷᠪᠢᠯᠠᠵᠤ ᠪᠣᠯᠣᠨ᠎ᠠ᠃ ᠢᠯᠴᠢ ᠶᠢᠨ | ᠴᠠᠬᠢᠯᠭᠠᠨ ᠥᠷᠲᠡᠭᠡᠨ ᠤ ᠡᠯ᠎ᠡ ᠵᠦᠢᠯ ᠤᠨ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠶᠢ ᠭᠠᠳᠠᠭᠰᠢᠯᠠᠭᠤᠯᠬᠤ | ᠪᠠᠷᠢᠮᠵᠢᠶ᠎ᠠ ᠶᠢ ᠦᠨᠳᠦᠰᠦᠯᠡᠪᠡᠯ᠄ ᠤᠲᠤᠭ᠎ᠠ ᠲᠣᠭᠤᠰᠣ 0.4g/kW·h᠂ ᠬᠦᠬᠦᠷ ᠤᠨ ᠳᠠᠪᠬᠤᠷ ᠢᠰᠦᠯ 2. | 3g/kW·h᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ 822g/kW·h᠂ ᠦᠨᠡᠰᠦᠨ ᠰᠢᠭᠠᠷᠤ 119. | 45g/kW·h᠂ ᠲᠣᠰ ᠢᠨᠵᠧᠨᠧᠷᠢᠩ ᠨᠢ ᠵᠢᠯ ᠪᠦᠷᠢ ᠤᠲᠤᠭ᠎ᠠ ᠲᠣᠭᠤᠰᠣ ᠭᠠᠳᠠᠭᠰᠢᠯᠠᠭᠤᠯᠬᠤ ᠶᠢ ᠪᠠᠷᠤᠭ 0. | 057t᠂ ᠬᠦᠬᠦᠷ ᠤᠨ ᠳᠠᠪᠬᠤᠷ ᠢᠰᠦᠯ ᠪᠠᠷᠤᠭ 0.329t᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠷᠤᠭ | 117.79t᠂ ᠦᠨᠡᠰᠦᠨ ᠰᠢᠭᠠᠷᠤ ᠪᠠᠷᠤᠭ 17.117t ᠪᠠᠭᠠᠰᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠶᠢᠨ | ᠬᠠᠮᠲᠤ ᠪᠠᠰᠠ ᠱᠤᠤᠭᠢᠶᠠᠨ ᠤ ᠨᠥᠯᠥᠭᠡ ᠡᠭᠦᠰᠬᠦ ᠠᠴᠠ ᠵᠠᠶᠢᠯᠠᠰᠬᠢᠵᠦ ᠴᠢᠳᠠᠨ᠎ᠠ᠃ |