ᠲᠦᠷᠦᠭᠦᠦ ᠬᠠᠭᠠᠰ ᠵᠢᠯ ᠳᠤ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ︽ᠴᠠᠭ ᠪᠠ ᠡᠭᠦᠷᠭᠡ ᠬᠠᠭᠠᠰᠠᠯᠠᠬᠤ︾ ᠶᠢ ᠠᠮᠵᠢᠯᠲᠠᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/7/19
      1—6 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 12.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ ᠶᠢ ᠨᠡᠶᠢᠲᠡ 11.66 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 52.6% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 92.9% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠶᠢ ᠨᠡᠶᠢᠲᠡ 0.89 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 7.1% ᠶᠢ ᠡᠵᠡᠯᠡᠪᠡ᠃ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠯᠭ᠎ᠠ ᠶᠢᠨ ᠪᠦᠲᠦᠴᠡ ᠶᠢ ᠨᠡᠩ ᠵᠦᠢ ᠵᠣᠬᠢᠰᠲᠠᠢ ᠪᠣᠯᠭᠠᠨ᠎ᠠ᠃ 1—6 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠨᠡᠶᠢᠲᠡ 18.91 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠪᠡ᠃ ᠡᠭᠦᠨ ᠳᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠶᠢᠲᠡ 9.35 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠨ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠦᠨᠡᠨ ᠬᠦ ᠪᠠᠲᠤ ᠰᠠᠬᠢᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号