ᠰᠢᠨ ᠲᠠᠢ ᠾᠧᠩ ᠬᠢᠲᠠᠳ ᠬᠡᠷᠴᠢᠮ ᠡᠮ ᠢ ᠦᠢᠯᠡᠳᠪᠦᠷᠢᠯᠡᠬᠦ ᠵᠢᠴᠢ ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠦᠢᠯᠡᠳᠪᠦᠷᠢ ᠶᠢᠨ ᠲᠠᠰᠤᠭ ᠤᠨ ᠥᠩᠭᠡᠲᠦ ᠪᠣᠯᠣᠳ ᠬᠠᠪᠲᠠᠰᠤ ᠶᠢ ᠤᠭᠰᠠᠷᠠᠬᠤ ᠠᠵᠢᠯ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/7/25
      ᠰᠢᠨ ᠲᠠᠢ ᠾᠧᠩ ᠬᠢᠲᠠᠳ ᠬᠡᠷᠴᠢᠮ ᠡᠮ ᠤᠨ ᠦᠢᠯᠡᠳᠪᠦᠷᠢᠯᠡᠯ ᠵᠢᠴᠢ ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠨ᠂ 24 ᠮᠦ ᠭᠠᠵᠠᠷ ᠡᠵᠡᠯᠡᠵᠦ᠂ 11926 ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠭᠡᠷ ᠪᠠᠶᠢᠰᠢᠩ ᠰᠢᠨ᠎ᠡ ᠪᠠᠷ ᠪᠠᠶᠢᠭᠤᠯᠵᠤ᠂ 3353 ᠲᠡᠭᠰᠢ ᠳᠥᠷᠪᠡᠯᠵᠢᠨ ᠮᠧᠲᠷ ᠤᠨ ᠠᠯᠪᠠᠯᠠᠬᠤ ᠠᠰᠠᠷ ᠵᠢᠴᠢ ᠢᠵᠢ ᠪᠦᠷᠢᠳᠦᠭᠦᠯᠦᠨ᠎ᠡ᠃ ᠭᠤᠣᠯᠳᠠᠭᠤ ᠬᠢᠲᠠᠳ ᠬᠡᠷᠴᠢᠮ ᠡᠮ ᠢ ᠦᠢᠯᠡᠳᠪᠦᠷᠢᠯᠡᠵᠦ ᠪᠣᠯᠪᠠᠰᠤᠷᠠᠭᠤᠯᠤᠨ ᠦᠢᠯᠡᠳᠬᠦ ᠪᠠ ᠬᠠᠳᠠᠭᠠᠯᠠᠵᠤ ᠲᠣᠬᠢᠷᠠᠭᠤᠯᠤᠨ ᠬᠦᠷᠭᠡᠬᠦ ᠠᠵᠢᠯ ᠢ ᠬᠢᠨ᠎ᠡ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 8000 ᠲᠦᠮᠡᠨ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ ᠨᠢ 200 ᠲᠦᠮᠡᠨ ᠲᠥᠭᠦᠷᠢᠭ ᠲᠤ ᠬᠦᠷᠴᠦ᠂ 150 ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃      ᠣᠳᠣᠬᠠᠨ ᠳᠤ᠂ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢ ᠨᠢᠭᠡᠨᠲᠡ ᠳᠠᠭᠤᠰᠬᠠᠵᠤ᠂ ᠥᠩᠭᠡᠲᠦ ᠪᠣᠯᠣᠳ ᠬᠠᠪᠲᠠᠰᠤ ᠤᠭᠰᠠᠷᠠᠵᠤ ᠪᠤᠢ᠂ 60%᠎ ᠢ ᠨᠢ ᠨᠢᠭᠡᠨᠲᠡ ᠳᠠᠭᠤᠰᠬᠠᠵᠤ᠂ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ ᠠᠵᠢᠯ ᠢ ᠨᠢᠭᠡᠨᠲᠡ ᠳᠠᠭᠤᠰᠬᠠᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠦᠢᠯᠡᠳᠪᠦᠷᠢ ᠶᠢᠨ ᠪᠠᠶᠢᠰᠢᠩ ᠢ ᠪᠠᠷᠢᠵᠤ ᠳᠠᠭᠤᠰᠬᠠᠨ᠂ 9 ᠰᠠᠷ᠎ᠠ ᠳᠤ ᠲᠥᠬᠦᠭᠡᠷᠦᠮᠵᠢ ᠶᠢ ᠵᠠᠯᠭᠠᠭᠠᠪᠡᠷ ᠲᠠᠯᠠᠪᠠᠢ ᠳᠤ ᠣᠷᠣᠭᠤᠯᠤᠨ ᠤᠭᠰᠠᠷᠠᠭᠤᠯᠤᠨ ᠲᠤᠷᠰᠢᠵᠤ᠂ 10 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ︔ ᠠᠯᠪᠠᠯᠠᠬᠤ ᠠᠰᠠᠷ ᠤᠨ ᠳᠥᠷᠪᠡᠳᠦᠭᠡᠷ ᠳᠠᠪᠬᠤᠷᠯᠢᠭ ᠤᠨ ᠭᠤᠣᠯ ᠴᠣᠭᠴᠠ ᠎ ᠶᠢ ᠨᠢᠭᠡᠨᠲᠡ ᠪᠠᠷᠢᠵᠤ ᠳᠠᠭᠤᠰᠬᠠᠭᠠᠳ᠂ ᠣᠳᠣ ᠶᠠᠭ ᠬᠡᠷᠡᠮ ᠪᠠᠷᠢᠵᠤ ᠪᠠᠶᠢᠨ᠎ᠠ᠂ 85% ᠎ ᠶᠢ ᠨᠢᠭᠡᠨᠲᠡ ᠪᠠᠷᠢᠵᠤ ᠳᠠᠭᠤᠰᠬᠠᠵᠦ᠂ ᠵᠢᠱᠢᠯᠲᠡ ᠪᠠᠷ 8 ᠰᠠᠷ᠎ᠠ ᠎ ᠶᠢᠨ ᠰᠡᠭᠦᠯᠴᠢ ᠪᠠᠷ ᠪᠦᠬᠦᠨ ᠎ ᠢ ᠪᠠᠷᠢᠵᠤ ᠳᠠᠭᠤᠰᠬᠠᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号