ᠰᠢᠨ ᠲᠠᠢ ᠾᠧᠩ ᠬᠢᠲᠠᠳ ᠬᠡᠷᠴᠢᠮ ᠡᠮ ᠤᠨ ᠦᠢᠯᠡᠳᠪᠦᠷᠢᠯᠡᠯ ᠵᠢᠴᠢ ᠲᠣᠬᠢᠷᠠᠭᠤᠯᠤᠨ ᠬᠦᠷᠭᠡᠬᠦ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠪᠤᠭᠤᠲᠤ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ | ᠲᠣᠭᠤᠷᠢᠭ ᠲᠤ ᠪᠠᠶᠢᠷᠢᠯᠠᠨ᠂ 24 ᠮᠦ ᠭᠠᠵᠠᠷ ᠡᠵᠡᠯᠡᠵᠦ᠂ 11926 ᠲᠡᠭᠰᠢ ᠳᠥᠷᠪᠡᠯᠵᠢᠨ ᠮᠧᠲᠷ ᠤᠨ | ᠦᠢᠯᠡᠳᠪᠦᠷᠢ ᠶᠢᠨ ᠭᠡᠷ ᠪᠠᠶᠢᠰᠢᠩ ᠰᠢᠨ᠎ᠡ ᠪᠠᠷ ᠪᠠᠶᠢᠭᠤᠯᠵᠤ᠂ 3353 ᠲᠡᠭᠰᠢ ᠳᠥᠷᠪᠡᠯᠵᠢᠨ ᠮᠧᠲᠷ ᠤᠨ ᠠᠯᠪᠠᠯᠠᠬᠤ | ᠠᠰᠠᠷ ᠵᠢᠴᠢ ᠢᠵᠢ ᠪᠦᠷᠢᠳᠦᠭᠦᠯᠦᠨ᠎ᠡ᠃ ᠭᠤᠣᠯᠳᠠᠭᠤ ᠬᠢᠲᠠᠳ ᠬᠡᠷᠴᠢᠮ ᠡᠮ ᠢ ᠦᠢᠯᠡᠳᠪᠦᠷᠢᠯᠡᠵᠦ ᠪᠣᠯᠪᠠᠰᠤᠷᠠᠭᠤᠯᠤᠨ | ᠦᠢᠯᠡᠳᠬᠦ ᠪᠠ ᠬᠠᠳᠠᠭᠠᠯᠠᠵᠤ ᠲᠣᠬᠢᠷᠠᠭᠤᠯᠤᠨ ᠬᠦᠷᠭᠡᠬᠦ ᠠᠵᠢᠯ ᠢ ᠬᠢᠨ᠎ᠡ᠃ ᠲᠥᠷᠥᠯ ᠵᠦᠢᠯ ᠢ ᠪᠦᠬᠦᠨ ᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 8000 ᠲᠦᠮᠡᠨ | ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ ᠨᠢ 200 ᠲᠦᠮᠡᠨ ᠲᠥᠭᠦᠷᠢᠭ ᠲᠤ ᠬᠦᠷᠴᠦ᠂ 150 | ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃ | ᠣᠳᠣᠬᠠᠨ ᠳᠤ᠂ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢ ᠨᠢᠭᠡᠨᠲᠡ | ᠳᠠᠭᠤᠰᠬᠠᠵᠤ᠂ ᠥᠩᠭᠡᠲᠦ ᠪᠣᠯᠣᠳ ᠬᠠᠪᠲᠠᠰᠤ ᠤᠭᠰᠠᠷᠠᠵᠤ ᠪᠤᠢ᠂ 60% ᠢ ᠨᠢ ᠨᠢᠭᠡᠨᠲᠡ ᠳᠠᠭᠤᠰᠬᠠᠵᠤ᠂ ᠭᠠᠵᠠᠷ ᠤᠨ | ᠭᠠᠳᠠᠷᠭᠤ ᠶᠢ ᠬᠠᠲᠠᠭᠤᠷᠠᠭᠤᠯᠬᠤ ᠠᠵᠢᠯ ᠢ ᠨᠢᠭᠡᠨᠲᠡ ᠳᠠᠭᠤᠰᠬᠠᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ | ᠦᠢᠯᠡᠳᠪᠦᠷᠢ ᠶᠢᠨ ᠪᠠᠶᠢᠰᠢᠩ ᠢ ᠪᠠᠷᠢᠵᠤ ᠳᠠᠭᠤᠰᠬᠠᠨ᠂ 9 ᠰᠠᠷ᠎ᠠ ᠳᠤ ᠲᠥᠬᠦᠭᠡᠷᠦᠮᠵᠢ ᠶᠢ ᠵᠠᠯᠭᠠᠭᠠᠪᠡᠷ ᠲᠠᠯᠠᠪᠠᠢ ᠳᠤ | ᠣᠷᠣᠭᠤᠯᠤᠨ ᠤᠭᠰᠠᠷᠠᠭᠤᠯᠤᠨ ᠲᠤᠷᠰᠢᠵᠤ᠂ 10 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ︔ ᠠᠯᠪᠠᠯᠠᠬᠤ | ᠠᠰᠠᠷ ᠤᠨ ᠳᠥᠷᠪᠡᠳᠦᠭᠡᠷ ᠳᠠᠪᠬᠤᠷᠯᠢᠭ ᠤᠨ ᠭᠤᠣᠯ ᠴᠣᠭᠴᠠ ᠶᠢ ᠨᠢᠭᠡᠨᠲᠡ ᠪᠠᠷᠢᠵᠤ ᠳᠠᠭᠤᠰᠬᠠᠭᠠᠳ᠂ ᠣᠳᠣ ᠶᠠᠭ | ᠬᠡᠷᠡᠮ ᠪᠠᠷᠢᠵᠤ ᠪᠠᠶᠢᠨ᠎ᠠ᠂ 85% ᠶᠢ ᠨᠢᠭᠡᠨᠲᠡ ᠪᠠᠷᠢᠵᠤ ᠳᠠᠭᠤᠰᠬᠠᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ | ᠪᠦᠬᠦᠨ ᠢ ᠪᠠᠷᠢᠵᠤ ᠳᠠᠭᠤᠰᠬᠠᠬᠤ ᠪᠣᠯᠣᠨ᠎ᠠ᠃ |