ᠥᠪᠥᠷ ᠮᠣᠩᠭᠤᠯ ᠤᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ | 4 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠦᠢᠯᠡᠳᠪᠦᠷᠢᠯᠡᠬᠦ ᠪᠢᠯᠢᠭ ᠲᠤᠶᠢᠯ ᠤᠨ ᠰᠢᠨ᠎ᠡ ᠡᠨᠧᠷᠭᠢ ᠶᠢᠨ | ᠮᠠᠲ᠋ᠧᠷᠢᠶᠠᠯ ᠪᠣᠯᠪᠠᠰᠤᠷᠠᠭᠤᠯᠬᠤ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.3 ᠳ᠋ᠦᠩᠰᠢᠭᠤᠷ ᠲᠥᠭᠦᠷᠢᠭ ᠪᠠᠶᠢᠵᠤ᠂ 13300 ᠲᠡᠭᠰᠢ | ᠳᠥᠷᠪᠡᠯᠵᠢᠨ ᠮᠧᠲᠷ ᠲᠠᠯᠠᠪᠠᠶ ᠲᠠᠢ᠂ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ | ᠪᠠᠷᠢᠯᠭ᠎ᠠ ᠶᠢᠨ ᠲᠠᠯᠠᠪᠠᠶ ᠨᠢ 10918 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠪᠤᠯᠤᠳᠠᠨ ᠲᠡᠭᠡᠷᠮᠡᠳᠡᠬᠦ | ᠪᠠ ᠡᠷᠭᠢᠯᠳᠦᠭᠡ ᠤᠭᠤᠷᠬᠠᠶ ᠶᠢᠨ ᠬᠤᠶᠠᠷ ᠭᠠᠷᠤᠯᠲᠠ ᠶᠢᠨ ᠱᠤᠭᠤᠮ ᠢ ᠰᠢᠨ᠎ᠡ ᠪᠠᠷ ᠪᠠᠶᠢᠭᠤᠯᠵᠤ᠂ ᠵᠢᠴᠢ ᠡᠷᠡᠦ ᠶᠢᠨ | ᠮᠠᠶ᠋ᠢᠭ ᠤᠨ ᠬᠡᠮᠬᠡᠯᠬᠦ ᠮᠠᠰᠢᠨ᠂ ᠬᠠᠲᠠᠭᠠᠬᠤ ᠲᠥᠬᠦᠭᠡᠷᠦᠮᠵᠢ᠂ ᠮᠠᠰᠢᠨ ᠢᠶᠠᠷ ᠲᠡᠭᠡᠷᠮᠡᠳᠡᠬᠦ ᠮᠠᠰᠢᠨ᠂ ᠲᠠᠰ ᠬᠤᠪᠢᠶᠠᠬᠤ | ᠮᠠᠰᠢᠨ ᠵᠡᠷᠭᠡ ᠲᠥᠬᠦᠭᠡᠷᠦᠮᠵᠢ ᠶᠢ ᠦᠢᠯᠡᠳᠪᠦᠷᠢᠯᠡᠨ ᠪᠣᠯᠪᠠᠰᠤᠷᠠᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ ᠵᠢᠯ ᠳᠤ 4 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠢ | ᠬᠡᠮᠬᠡᠯᠦᠨ ᠰᠢᠢᠳᠪᠦᠷᠢᠯᠡᠬᠦ ᠴᠢᠳᠠᠪᠤᠷᠢ ᠳᠤ ᠬᠦᠷᠴᠦ᠂ ᠪᠥᠬᠦ ᠦᠢᠯᠡᠳᠪᠦᠷᠢᠯᠡᠯ ᠳᠤ ᠣᠷᠣᠪᠠᠯ ᠵᠢᠯ ᠳᠤ 5000 ᠲᠦᠮᠡᠨ | ᠲᠥᠭᠦᠷᠢᠭ ᠤᠨ ᠬᠡᠪᠴᠢᠶᠡᠲᠦ ᠦᠢᠯᠡᠳᠬᠦᠨ ᠤ ᠥᠷᠲᠡᠭ ᠢ ᠪᠣᠶ ᠪᠣᠯᠭᠠᠵᠤ᠂ ᠵᠢᠯ ᠳᠤ 750 ᠲᠦᠮᠡᠨ ᠲᠥᠭᠦᠷᠢᠭ ᠤᠨ | ᠭᠠᠶᠢᠯᠢ ᠲᠠᠲᠠᠪᠤᠷᠢᠯᠠᠵᠤ᠂ 100 ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ | ᠪᠣᠯᠣᠨ᠎ᠠ᠃ | ᠲᠣᠰ ᠲᠥᠷᠥᠯ ᠵᠦᠢᠯ ᠢ 2023 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠦᠢᠯᠡᠳᠪᠦᠷᠢ ᠶᠢᠨ | ᠲᠠᠰᠤᠭ ᠤᠨ ᠰᠠᠭᠤᠷᠢ᠂ ᠲᠣᠨᠤᠭ ᠲᠥᠬᠦᠭᠡᠷᠦᠮᠵᠢ ᠶᠢᠨ ᠰᠠᠭᠤᠷᠢ ᠶᠢ ᠨᠢᠭᠡᠨᠲᠡ ᠳᠠᠭᠤᠰᠬᠠᠵᠤ᠂ ᠪᠣᠯᠣᠳ ᠪᠦᠲᠦᠴᠡ ᠶᠢᠨ | ᠭᠤᠣᠯ ᠴᠣᠭᠴᠠ ᠶᠢᠨ 98% ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠭᠡᠷ ᠤᠨ ᠠᠲᠠᠷ ᠬᠠᠪᠲᠠᠰᠤ᠂ ᠬᠡᠷᠡᠮ ᠤᠨ | ᠬᠠᠪᠲᠠᠰᠤ ᠤᠭᠰᠠᠷᠠᠵᠤ᠂ 40% ᠶᠢ ᠨᠢ ᠨᠢᠭᠡᠨᠲᠡ ᠪᠡᠶᠡᠯᠡᠭᠦᠯᠪᠡ︔ ᠴᠢᠳᠠᠮᠵᠢᠲᠤ ᠭᠡᠷ ᠪᠠᠶᠢᠰᠢᠩ ᠤᠨ ᠪᠣᠯᠣᠳ | ᠲᠡᠮᠦᠷ ᠤᠨ ᠪᠦᠲᠦᠴᠡ ᠶᠢᠨ ᠭᠤᠣᠯ ᠴᠣᠭᠴᠠ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠥᠩᠭᠡᠲᠦ ᠪᠣᠯᠣᠳ | ᠬᠠᠪᠲᠠᠰᠤ ᠶᠢ 30% ᠪᠠᠷ ᠤᠭᠰᠠᠷᠠᠵᠤ ᠳᠠᠭᠤᠰᠬᠠᠪᠠ᠃ 9 ᠰᠠᠷ᠎ᠠ ᠳᠤ ᠪᠦᠬᠦᠨ ᠢ ᠳᠠᠭᠤᠰᠬᠠᠵᠤ᠂ 10 ᠰᠠᠷ᠎ᠠ ᠳᠤ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ | |