︽ᠣᠯᠠᠭᠠᠨ ᠠᠨᠠᠷ︾ ᠰᠠᠶᠢᠨ ᠲᠣᠷᠠᠴᠣᠣᠯ ᠤᠨ ᠥᠢᠯᠡᠴᠢᠯᠡᠭᠡᠨ ᠤ ᠠᠩᠬᠢ ᠨᠡᠶᠢᠭᠡᠮ ᠲᠣᠭᠤᠷᠢᠭ ᠲᠤ ᠭᠥᠨᠵᠡᠭᠡᠶᠢᠷᠡᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠠᠵᠢᠯᠯᠠᠭ᠎ᠠ ᠥᠷᠨᠢᠬᠦᠯᠪᠠ
ᠨᠡᠶᠢᠲᠡᠯᠡᠭᠰᠡᠨ ᠴᠠᠭ᠄
2023/7/28
      ᠣᠶᠢᠷ᠎ᠡ ᠳᠤ᠂ ᠴᠢᠩᠱᠠᠨ ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ ᠶᠡᠷᠥᠩᠭᠡᠶᠢᠯᠡᠭᠰᠡᠨ ᠬᠠᠣᠯᠢ ᠬᠡᠷᠡᠭᠵᠢᠬᠦᠯᠬᠦ ᠲᠣᠪᠴᠢᠶ᠎ᠠ ᠶᠢᠨ ᠪᠠᠶᠢᠭᠤᠯᠭ᠎ᠠ ᠶᠢᠨ ᠭᠤᠷᠪᠠᠳᠣᠭᠠᠷ ᠨᠠᠮ ᠤᠨ ᠡᠭᠦᠷ ᠤᠨ ᠨᠠᠮ ᠤᠨ ᠬᠡᠰᠢᠭᠦᠨ ᠤ  ︽ᠣᠯᠠᠭᠠᠨ ᠠᠨᠠᠷ︾ ᠰᠠᠶᠢᠨ ᠲᠣᠷᠠᠴᠣᠣᠯ ᠤᠨ ᠥᠢᠯᠡᠴᠢᠯᠡᠭᠡᠨ ᠤ ᠠᠩᠬᠢ ᠨᠢ ᠯᠢ ᠮᠢᠨ ᠨᠡᠶᠢᠭᠡᠮ ᠲᠣᠭᠤᠷᠢᠭ ᠲᠤ ᠭᠥᠷᠴᠣ᠂ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠠᠵᠢᠯᠯᠠᠭ᠎ᠠ ᠥᠷᠨᠢᠬᠦᠯᠵᠣ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢ ᠲᠥᠭ ᠲᠥᠮᠡᠨ ᠠᠶᠢᠯ ᠡᠷᠥᠭᠡ ᠳᠤ ᠭᠥᠷᠭᠡᠵᠣ᠂ ᠥᠨᠳᠥᠰᠥᠳᠡᠨ ᠤ ᠪᠥᠯᠬᠦᠮᠳᠡᠯ ᠢ ᠬᠠᠮᠳᠣ ᠪᠠᠷ ᠠᠬᠢᠭᠤᠯᠵᠣ᠂ ᠡᠷᠭᠡ ᠲᠡᠭᠰᠢ᠂ ᠪᠥᠯᠬᠦᠮᠳᠡᠯ ᠲᠠᠢ᠂ ᠬᠠᠷᠢᠯᠴᠡᠨ ᠬᠠᠪᠰᠣᠷᠣᠯᠴᠠᠭᠰᠠᠨ᠂ ᠡᠶ᠎ᠡ ᠵᠣᠬᠢᠴᠡᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠢ ᠪᠣᠯᠭᠠᠪᠠ᠃      ︽ᠣᠯᠠᠭᠠᠨ ᠠᠨᠠᠷ︾ ᠰᠠᠶᠢᠨ ᠲᠣᠷᠠᠴᠣᠣᠯ ᠤᠨ ᠥᠢᠯᠡᠴᠢᠯᠡᠭᠡᠨ ᠤ ᠠᠩᠬᠢ ᠪᠣᠯᠣᠨ ᠨᠡᠶᠢᠭᠡᠮ ᠲᠣᠭᠤᠷᠢᠭ ᠤᠨ ᠠᠵᠢᠯᠳᠡᠳ ᠬᠠᠮᠳᠣ ᠪᠠᠷ ᠣᠬᠠᠭᠤᠯᠭ᠎ᠠ ᠶᠢᠨ ᠠᠵᠢᠯᠯᠠᠭ᠎ᠠ ᠥᠷᠨᠢᠬᠦᠯᠵᠣ᠂ ᠥᠷᠭᠡᠨ ᠣᠯᠡᠨ ᠰᠠᠭᠤᠭᠠᠯᠢ ᠠᠷᠠᠳ ᠲᠤ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠲᠥᠷᠢᠮ︾ ︽ᠲᠣᠮᠳᠠᠳᠣ ᠣᠯᠣᠰ ᠤᠨ ᠡᠪ ᠬᠠᠮᠳᠣ ᠨᠠᠮ ᠤᠨ ᠨᠢᠬᠡᠳᠣᠮᠡᠯ ᠹᠷᠣᠨᠲ ᠤᠨ ᠠᠵᠢᠯ ᠤᠨ ᠲᠥᠷᠢᠮ︾ ︽ᠪᠥᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠣᠯᠣᠰ ᠤᠨ ᠨᠡᠶᠢᠳᠡᠮ ᠬᠡᠷᠡᠭᠯᠡᠬᠦ ᠥᠬᠡ ᠭᠡᠯᠨ ᠥᠰᠥᠭ ᠪᠢᠴᠢᠭ ᠤᠨ ᠬᠠᠣᠯᠢ︾ ᠵᠡᠷᠭᠡ ᠣᠬᠠᠭᠤᠯᠭ᠎ᠠ ᠶᠢᠨ ᠮᠠᠲ᠋ᠧᠷᠢᠶᠠᠯ ᠢ 150 ᠭᠠᠷᠣᠢ ᠬᠤᠪᠢ ᠲᠠᠷᠬᠠᠭᠠᠵᠠᠢ᠃      ᠣᠬᠠᠭᠤᠯᠭ᠎ᠠ ᠶᠢᠨ ᠠᠵᠢᠯᠯᠠᠭ᠎ᠠ ᠶᠢᠨ ᠲᠠᠷᠠᠭ᠎ᠠ᠂ ᠨᠠᠮ ᠤᠨ ᠡᠭᠦᠷ ᠤᠨ ᠱᠥᠵᠢ ᠠᠴᠠ ︽ᠥᠨᠳᠥᠰᠥᠳᠡᠨ ᠤ ᠪᠥᠯᠬᠦᠮᠳᠡᠯ ᠢ ᠬᠠᠮᠠᠭᠠᠯᠠᠵᠣ ᠬᠠᠮᠳᠣ ᠪᠠᠷ ᠪᠥᠯᠬᠦᠮᠳᠡᠨ ᠣᠷᠣᠭᠰᠢᠯᠠᠶ᠎ᠠ︾ ᠬᠡᠬᠦ ᠰᠡᠳᠣᠪ ᠢᠶᠠᠷ ᠨᠠᠮ ᠤᠨ ᠡᠭᠦᠷ ᠤᠨ ᠨᠠᠮ ᠤᠨ ᠭᠡᠰᠢᠭᠦᠳ ᠪᠣᠯᠣᠨ ᠰᠠᠭᠤᠭᠠᠯᠢ ᠠᠷᠠᠳ ᠲᠤ ᠠᠮᠢᠳᠣᠯᠢᠭ ᠰᠠᠶᠢᠬᠠᠨ ᠨᠠᠮ ᠤᠨ ᠬᠢᠴᠢᠶᠡᠯ ᠣᠷᠣᠵᠣ᠂ ᠲᠣᠰ ᠣᠳᠠᠭᠠᠨ ᠤ ᠨᠠᠮ ᠤᠨ ᠬᠢᠴᠢᠶᠡᠯ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠥᠵᠡᠯ ᠰᠠᠨᠠᠭᠠᠨ ᠤ ᠬᠥᠮᠥᠵᠢᠯ ᠢ ᠰᠣᠷᠣᠯᠴᠠᠬᠤ ᠪᠠᠷ ᠠᠵᠠ ᠲᠣᠬᠢᠶᠠᠯ ᠪᠣᠯᠭᠠᠵᠣ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠪᠠ ᠥᠨᠳᠥᠰᠥᠳᠡᠨ ᠤ ᠬᠠᠣᠯᠢ ᠴᠠᠭᠠᠵᠠ ᠬᠠᠣᠯᠢ ᠲᠣᠭᠳᠠᠭᠠᠯ ᠢ ᠪᠥᠬᠦ ᠲᠠᠯ᠎ᠠ ᠪᠠᠷ ᠰᠣᠷᠣᠯᠴᠡᠨ ᠲᠣᠭᠤᠰᠢᠯᠠᠭᠤᠯᠵᠣ᠂ ᠵᠢᠷᠭᠠᠯ ᠵᠣᠪᠠᠯᠠᠩ ᠢᠶᠠᠨ ᠬᠠᠮᠳᠣᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠥᠭᠦᠵᠣ ᠰᠡᠭᠡᠬᠦ ᠪᠠᠨ ᠬᠠᠮᠳᠣᠳᠬᠠᠬᠤ᠂ ᠬᠤᠪᠢ ᠵᠠᠶᠠᠭ᠎ᠠ ᠪᠠᠨ ᠬᠠᠮᠳᠣᠳᠬᠠᠬᠤ ᠬᠠᠮᠳᠣ ᠶᠢᠨ ᠴᠣᠭᠴᠨ ᠶᠢᠨ ᠣᠶᠢᠯᠠᠭᠠᠭᠳᠠᠬᠤᠨ ᠢ ᠪᠠᠳᠣ ᠪᠠᠬᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠨᠡᠩ ᠰᠠᠶᠢᠳᠣᠷ ᠠᠬᠢᠭᠤᠯᠪᠠ᠃      ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ ᠲᠣᠪᠴᠢᠶ᠎ᠡ ᠥᠷᠭᠦᠯᠵᠢᠯᠡᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠨᠡᠶᠢᠭᠡᠮ ᠲᠣᠭᠤᠷᠢᠭ ᠲᠠᠢ ᠬᠠᠮᠳᠣ ᠪᠠᠷ ᠥᠨᠳᠥᠰᠥᠳᠡᠨ ᠤ ᠪᠥᠯᠬᠦᠮᠳᠡᠯ ᠤᠨ ᠣᠬᠠᠭᠤᠯᠭ᠎ᠠ ᠶᠢᠨ ᠠᠵᠢᠯ ᠢ ᠥᠷᠨᠢᠬᠦᠯᠵᠣ᠂ ᠰᠠᠶᠢᠨ ᠰᠠᠶᠢᠬᠠᠨ ᠠᠮᠢᠳᠣᠷᠠᠯ ᠢ ᠬᠠᠮᠳᠣ ᠪᠠᠷ ᠴᠣᠭᠴᠠᠯᠠᠨ᠂ ᠵᠣᠯ ᠵᠢᠷᠭᠠᠯᠳᠣ ᠭᠡᠷ ᠣᠷᠣᠨ ᠢᠶᠠᠨ ᠬᠠᠮᠳᠣ ᠪᠠᠷ ᠪᠥᠳᠥᠭᠡᠨ ᠪᠠᠶᠢᠭᠤᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号