2023 ᠣᠨ ᠳᠤ ᠴᠢᠩᠱᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠠᠭᠠᠵᠢᠮ ᠢᠶᠠᠷ ᠰᠠᠶᠢᠵᠢᠷᠠᠬᠤ | ᠬᠠᠨᠳᠤᠰᠢ ᠲᠠᠢ ᠪᠣᠯᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠲᠠᠸᠠᠷ ᠪᠠ | ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠳᠡᠭᠡᠭᠰᠢᠯᠡᠭᠦᠯᠵᠦ᠂ ᠬᠡᠷᠡᠭᠯᠡᠭᠡ ᠳᠤ ᠰᠡᠳᠡᠯᠲᠡ ᠥᠭᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠭᠦᠢᠴᠡᠳᠬᠡᠬᠦ ᠲᠤᠭ᠎ᠠ ᠲᠣᠭᠲᠠᠭᠤᠨ ᠪᠠᠷ ᠨᠡᠮᠡᠭᠳᠡᠪᠡ᠃ | ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠦᠷᠭᠦᠯᠵᠢᠯᠡᠨ | ᠰᠡᠷᠭᠦᠭᠡᠪᠡ | 1— 6 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 135.44 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.7% ᠪᠠᠷ ᠨᠡᠮᠡᠭᠳᠡᠨ᠂ ᠨᠢᠭᠡᠳᠦᠭᠡᠷ ᠤᠯᠠᠷᠢᠯ ᠤᠨ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠵᠡᠢ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠡᠷᠡᠭᠯᠡᠭᠡᠨ ᠤ ᠬᠡᠮᠵᠢᠶ᠎ᠡ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠲᠤᠭ᠎ᠠ 21.3 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠡᠢ᠃ ᠡᠭᠦᠨ ᠳᠤ᠂ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠲᠤᠭ᠎ᠠ 19.2 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 21.0% ᠨᠡᠮᠡᠭᠳᠡᠵᠦ᠂ ᠬᠤᠨᠤᠭ ᠪᠠ ᠢᠳᠡᠭᠡᠨ ᠤᠮᠳᠠᠭᠠᠨ ᠤ ᠦᠢᠯᠡᠰ ᠤᠨ | ᠬᠤᠭᠤᠯᠠᠨ ᠤ ᠵᠠᠷᠤᠳᠠᠯ ᠤᠨ ᠣᠷᠣᠯᠭ᠎ᠠ 2.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.5% ᠨᠡᠮᠡᠭᠳᠡᠵᠡᠢ᠃ | ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠢᠭᠡᠴᠡ ᠶᠢᠨ ᠠᠵᠢᠯᠯᠠᠭᠠᠨ ᠤ ᠪᠠᠶᠢᠳᠠᠯ ᠦᠷᠭᠦᠯᠵᠢᠯᠡᠨ | ᠰᠠᠶᠢᠵᠢᠷᠠᠪᠠ | ︵ᠨᠢᠭᠡ︶ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠳᠠᠶᠢᠴᠢᠯᠠᠯᠲᠠ ᠢᠯᠡᠷᠬᠡᠢ | ᠪᠣᠯᠪᠠ | ᠦᠨ᠎ᠡ ᠬᠠᠩᠰᠢ ᠶᠢᠨ ᠬᠤᠪᠢᠷᠠᠯᠲᠠ ᠵᠡᠷᠭᠡ ᠰᠢᠯᠲᠠᠭᠠᠨ ᠠᠴᠠ ᠪᠣᠯᠵᠤ᠂ ᠴᠢᠯᠠᠭᠤᠨ ᠲᠣᠰᠣ ᠵᠢᠴᠢ | ᠦᠢᠯᠡᠳᠬᠦᠨ ᠤ ᠲᠥᠷᠥᠯ ᠤᠨ ᠲᠠᠸᠠᠷ ᠤᠨ 1— 6 ᠳ᠋ᠤᠭᠠᠷ ᠰᠠᠷ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ | ᠨᠡᠶᠢᠲᠡ 5.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠷ | ᠨᠡᠮᠡᠭᠳᠡᠵᠡᠢ᠃ | ︵ᠬᠤᠶᠠᠷ︶ ᠳᠡᠰ ᠳᠡᠪᠰᠢᠬᠦ ᠲᠦᠷᠦᠯ ᠤᠨ ᠲᠠᠸᠠᠷ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠨ᠎ᠠ | ᠵᠠᠬ᠎ᠠ ᠳᠡᠯᠭᠡᠭᠦᠷ ᠤᠨ ᠬᠠᠩᠭᠠᠯᠭ᠎ᠠ ᠲᠠᠰᠤᠷᠠᠯᠲᠠ ᠦᠭᠡᠢ ᠰᠢᠯᠢᠳᠡᠭᠵᠢᠨ ᠲᠠᠰ ᠳᠠᠪᠰᠢᠵᠤ᠂ ᠰᠠᠭᠤᠭᠠᠯᠢ | ᠠᠷᠠᠳ ᠤᠨ ᠲᠠᠰ ᠳᠡᠪᠰᠢᠬᠦ ᠲᠥᠷᠥᠯ ᠤᠨ ᠬᠡᠷᠡᠭᠯᠡᠭᠡᠨ ᠤ ᠬᠡᠷᠡᠭᠴᠡᠭᠡ ᠤᠯᠠᠮ ᠢᠶᠠᠷ ᠨᠡᠮᠡᠭᠳᠡᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ | ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ 1— 6 ᠳ᠋ᠤᠭᠠᠷ ᠰᠠᠷ᠎ᠠ ᠶᠢᠨ | ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 3.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠪᠡ᠃ | ︵ᠭᠤᠷᠪᠠ︶ ᠡᠮ ᠤᠨ ᠵᠦᠢᠯ ᠤᠨ ᠲᠥᠷᠥᠯ ᠤᠨ ᠪᠣᠷᠤᠯᠠᠭᠤᠯᠭ᠎ᠠ ᠦᠷᠭᠦᠯᠵᠢᠯᠡᠨ ᠳᠡᠭᠡᠭᠰᠢᠯᠡᠪᠡ | ᠸᠢᠷᠦ᠋ᠰ ᠤᠨ ᠳᠡᠯᠭᠡᠷᠡᠯᠲᠡ ᠶᠢᠨ ᠨᠥᠯᠥᠭᠡ ᠠᠴᠠ ᠪᠣᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠢᠲᠠᠳ | ᠡᠸᠦ᠋ᠷᠦᠫᠡ ᠡᠮ ᠤᠨ ᠲᠥᠷᠥᠯ ᠤᠨ ᠪᠣᠷᠤᠯᠠᠭᠤᠯᠭ᠎ᠠ ᠶᠢᠨ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠢᠯᠡᠷᠬᠡᠢ ᠪᠣᠯᠵᠤ᠂ 1— | 6 ᠳ᠋ᠤᠭᠠᠷ ᠰᠠᠷ᠎ᠠ ᠳᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 1.37 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ᠃ | ︵ᠳᠥᠷᠪᠡ︶ ᠮᠠᠰᠢᠨ ᠲᠡᠷᠭᠡᠨ ᠤᠨ ᠲᠥᠷᠥᠯ ᠤᠨ ᠲᠠᠸᠠᠷ ᠤᠨ ᠪᠣᠷᠤᠯᠠᠭᠤᠯᠭ᠎ᠠ ᠦᠷᠭᠦᠯᠵᠢᠯᠡᠨ ᠨᠡᠮᠡᠭᠳᠡᠪᠡ | ᠲᠣᠰ ᠰᠠᠷ᠎ᠠ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠨᠥᠯᠥᠭᠡᠯᠡᠯ ᠳᠣᠣᠷ᠎ᠠ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠪᠣᠷᠤᠯᠠᠭᠤᠯᠭ᠎ᠠ ᠦᠷᠭᠦᠯᠵᠢᠯᠡᠨ | ᠨᠡᠮᠡᠭᠳᠡᠪᠡ᠃ 1— 6 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠮᠠᠰᠢᠨ ᠲᠡᠷᠭᠡᠨ ᠤ ᠵᠢᠵᠢᠭᠯᠡᠨ | ᠬᠤᠳᠠᠯᠳᠤᠭᠰᠠᠨ ᠲᠤᠭ᠎ᠠ 11.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 14.8% ᠪᠠᠷ ᠨᠡᠮᠡᠭᠳᠡᠵᠡᠢ᠃ | ︵ᠲᠠᠪᠤ︶ ᠬᠡᠷᠡᠭᠯᠡᠭᠡ ᠲᠠᠢ ᠣᠶᠢᠷᠠᠲᠤᠬᠤ ᠪᠠᠶᠢᠳᠠᠯ ᠡᠷᠴᠢᠮ ᠲᠠᠢ ᠪᠠᠶᠢᠨ᠎ᠠ | ᠡᠨᠡ ᠵᠢᠯ ᠬᠦᠷᠦᠯᠴᠡᠬᠦ ᠴᠢᠨᠠᠷᠲᠠᠢ ᠬᠡᠷᠡᠭᠯᠡᠭᠡ ᠢᠯᠡᠳᠲᠡ ᠰᠠᠶᠢᠵᠢᠷᠠᠵᠤ᠂ ᠬᠤᠶᠠᠳᠤᠭᠠᠷ ᠤᠯᠠᠷᠢᠯ ᠳᠤ ᠴᠢᠩᠱᠠᠨ | ᠲᠣᠭᠤᠷᠢᠭ ᠤᠨ ᠬᠤᠨᠤᠭ ᠤᠨ ᠪᠠ ᠢᠳᠡᠭᠡᠨ ᠤᠮᠳᠠᠭᠠᠨ ᠤ ᠦᠢᠯᠡᠰ ᠤᠨ ᠬᠡᠷᠡᠭᠯᠡᠭᠡ ᠬᠦᠴᠦᠲᠡᠢ ᠪᠣᠯᠪᠠ᠃ 1— 6 | ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠤᠨᠤᠭ ᠤᠨ ᠢᠳᠡᠭᠡᠨ ᠤᠮᠳᠠᠭᠠᠨ ᠤ | ᠣᠷᠣᠯᠭ᠎ᠠ ᠨᠡᠶᠢᠲᠡ 5.04 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 38.3% ᠪᠠᠷ | ᠨᠡᠮᠡᠭᠳᠡᠨ᠂ ᠨᠢᠭᠡᠳᠦᠭᠡᠷ ᠤᠯᠠᠷᠢᠯ ᠤᠨ ᠬᠢ ᠠᠴᠠ 17.3 ᠵᠠᠭᠤᠨ ᠤ ᠨᠢᠭᠡᠴᠢ ᠨᠡᠮᠡᠭᠳᠡᠵᠡᠢ᠃ | | | |