2023 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠳᠤ ᠴᠢᠩᠱᠠᠨ ᠲᠣᠭᠤᠷᠢᠭ ᠤᠨ 1 ᠲᠥᠷᠥᠯ ᠵᠦᠢᠯ ᠭᠠᠷ ᠤᠨ ᠥᠰᠥᠭ ᠵᠢᠷᠤᠵᠤ ᠬᠡᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠨᠢ 55 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/7/3
      6 ᠰᠠᠷ᠎ᠠ ᠶᠢᠨ 28᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠠᠴᠠ ᠭᠤᠣᠯᠯᠠᠨ ᠡᠷᠭᠢᠯᠡᠵᠦ᠂ ︽ᠡᠨᠧᠷᠭᠢ ᠶᠢᠨ ᠰᠢᠨ᠎ᠡ ᠴᠠᠭ ᠦᠶ᠎ᠡ ᠳᠡᠯᠡᠬᠡᠢ ᠶᠢᠨ ᠰᠢᠨ᠎ᠡ ᠢᠷᠡᠭᠡᠳᠦᠢ︾᠎ ᠪᠠᠷ ᠭᠤᠣᠯ ᠰᠡᠳᠦᠪ ᠪᠣᠯᠭᠠᠭᠰᠠᠨ ︽2023 ᠣᠨ ᠤ ᠳᠡᠯᠡᠬᠡᠢ ᠶᠢᠨ ᠰᠢᠨ᠎ᠡ ᠡᠨᠧᠷᠭᠢ  ᠰᠢᠨ᠎ᠡ ᠮᠠᠲ᠋ᠧᠷᠢᠶᠠᠯ ᠤᠨ ᠶᠡᠭᠡ ᠬᠤᠷᠠᠯ︾ ᠣᠷᠳᠣᠰ ᠬᠤᠲᠠ ᠳᠤ ᠶᠠᠪᠤᠭᠳᠠᠪᠠ᠃      ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠨᠤᠭᠤᠳ ᠲᠣᠰ ᠲᠣᠰ ᠠᠵᠤ ᠠᠬᠤᠶᠢᠯᠠᠯ ᠤᠨ ᠲᠥᠯᠥᠭᠡᠯᠡᠭᠴᠢ ᠲᠠᠢ ᠬᠡᠯᠡᠯᠴᠡᠭᠡᠷ ᠲᠣᠭᠲᠠᠵᠤ᠂ 33 ᠵᠦᠢᠯ ᠤᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠵᠥᠪᠯᠡᠯᠴᠡᠭᠡᠷ ᠲᠣᠬᠢᠷᠠᠵᠤ᠂ ᠨᠡᠶᠢᠲᠡ 4292.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠡᠯᠰᠡᠪᠡ᠃ ᠡᠭᠦᠨ ᠳᠤ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠨᠢᠭᠡ ᠲᠦᠷᠦᠯ ᠵᠦᠢᠯ ᠢ ᠲᠣᠭᠲᠠᠭᠠᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 55 ᠳ᠋ᠦᠩᠰᠢᠭᠤᠷ ᠲᠥᠭᠦᠷᠢᠭ ᠲᠤ ᠬᠦᠷᠴᠡᠢ᠃ ᠲᠣᠰ ᠲᠥᠷᠥᠯ ᠵᠦᠢᠯ ᠳᠤ ᠭᠤᠣᠯᠳᠠᠭᠤ 10GW ᠬᠡᠷᠡᠯ ᠴᠡᠨᠡᠭ ᠤᠨ ᠳ᠋ᠢᠶᠠᠨ ᡂᠢ᠂ 5GW ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号