2023 ᠣᠨ ᠤ ᠳᠡᠭᠡᠷ᠎ᠡ ᠬᠠᠭᠠᠰ ᠵᠢᠯ ᠳᠤ᠂ ᠴᠢᠩᠱᠠᠨ ᠲᠣᠭᠤᠷᠢᠭ ᠤᠨ ᠬᠢᠨ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠠᠵᠤ | ᠠᠬᠤᠢ ᠶᠢᠨ ᠠᠵᠢᠯ ᠤᠨ ᠴᠢᠬᠤᠯᠠ ᠡᠭᠦᠷᠭᠡ ᠪᠣᠯᠭᠠᠪᠠ᠃ ᠡᠯ᠎ᠡ ᠰᠠᠯᠠᠭ᠎ᠠ ᠮᠥᠴᠢᠷ ᠤᠳ ᠲᠤᠭᠤᠷᠢᠭ ᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠤᠨ ᠨᠡᠮᠡᠭᠳᠡᠯ ᠢ ᠲᠦᠯᠬᠢᠨ ᠠᠬᠢᠭᠤᠯᠪᠠ᠃ | ︵ᠨᠢᠭᠡ︶ ᠪᠠᠷᠢᠯᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠬᠡᠪᠴᠢᠶ᠎ᠡ ᠥᠷᠭᠡᠳᠴᠦ᠂ ᠦᠢᠯᠡᠳᠬᠦᠨ ᠤ | ᠶᠡᠷᠦᠩᠬᠡᠢ ᠦᠷᠳᠡᠭ ᠰᠠᠶᠢᠵᠢᠷᠠᠬᠤ ᠪᠠᠶᠢᠳᠠᠯ ᠲᠠᠢ ᠪᠣᠯᠪᠠ | 1— 6 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠷᠢ ᠬᠡᠮ ᠤᠨ ᠳᠣᠲᠣᠷᠠᠬᠢ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠡᠢ᠃ | ᠪᠦᠲᠦᠴᠡ ᠠᠴᠠ ᠨᠢ ᠦᠵᠡᠪᠡᠯ᠂ ᠪᠠᠷᠢᠯᠭ᠎ᠠ ᠶᠢᠨ ᠠᠵᠢᠯ ᠤᠨ ᠦᠢᠯᠡᠳᠬᠦᠨ ᠤ ᠦᠷᠳᠡᠭ ᠤᠨ ᠨᠡᠮᠡᠭᠳᠡᠯ ᠨᠡᠯᠢᠶᠡᠳ | ᠲᠦᠷᠭᠡᠨ ᠪᠠᠶᠢᠵᠤ᠂ ᠭᠤᠣᠯᠯᠠᠬᠤ ᠪᠠᠶᠢᠷᠢ ᠰᠠᠭᠤᠷᠢ ᠨᠢ ᠤᠯᠠᠮ ᠨᠢᠭᠡ ᠠᠯᠬᠤᠮ ᠴᠢᠩᠭᠠᠷᠠᠪᠠ᠃ ᠪᠠᠷᠢᠯᠭ᠎ᠠ ᠶᠢᠨ | ᠦᠢᠯᠡᠳᠬᠦᠨ ᠤ ᠥᠷᠲᠡᠭ ᠨᠢ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠤᠨ85.4% ᠶᠢ | ᠡᠵᠡᠯᠡᠵᠦ᠂ ᠤᠭᠰᠠᠷᠠᠭᠤᠯᠬᠤ ᠢᠨᠵᠧᠨᠧᠷᠢᠩ ᠤᠨ ᠦᠢᠯᠡᠳᠬᠦᠨ ᠤ ᠥᠷᠲᠡᠭ ᠨᠢ ᠪᠠᠷᠢᠯᠭ᠎ᠠ ᠶᠢᠨ ᠦᠢᠯᠡᠰ ᠤᠨ | ᠦᠢᠯᠡᠳᠬᠦᠨ ᠤ ᠶᠡᠷᠦᠩᠬᠡᠢᠥᠷᠲᠡᠭ ᠤᠨ11.9% ᠶᠢ ᠡᠵᠡᠯᠡᠵᠦ᠂ ᠪᠤᠰᠤᠳ ᠪᠠᠷᠢᠯᠭ᠎ᠠ ᠶᠢᠨ ᠦᠢᠯᠡᠰ ᠤᠨ | ᠦᠢᠯᠡᠳᠬᠦᠨ ᠤ ᠥᠷᠲᠡᠭ ᠨᠢ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠤᠨ2.7% ᠶᠢ | ᠡᠵᠡᠯᠡᠪᠡ᠃ | ︵ᠬᠤᠶᠠᠷ︶ ᠭᠡᠷ᠎ᠡ ᠲᠣᠭᠲᠠᠭᠠᠭᠰᠠᠨ ᠲᠤᠭ᠎ᠠ ᠲᠣᠭᠲᠠᠭᠤᠨ ᠢᠶᠠᠷ ᠳᠡᠭᠡᠭᠰᠢᠯᠡᠵᠦ᠂ ᠦᠢᠯᠡᠳᠬᠦᠨ ᠤ ᠦᠷᠳᠡᠭ ᠤᠨ | ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠪᠠ | ᠳᠡᠭᠡᠷ᠎ᠡ ᠬᠠᠭᠠᠰ ᠵᠢᠯ ᠤᠨ ᠭᠡᠷ᠎ᠡ ᠶᠢᠨ ᠶᠡᠷᠦᠩᠬᠡᠢ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 5.8% ᠪᠠᠷ ᠨᠡᠮᠡᠭᠳᠡᠵᠡᠢ᠃ ᠡᠭᠦᠨ ᠳᠤ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠪᠠᠷᠢᠯᠭ᠎ᠠ ᠶᠢᠨ | ᠭᠡᠷ᠎ᠡ ᠶᠢᠨ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ ᠰᠢᠨ᠎ᠡ ᠪᠠᠷ | ᠭᠠᠷ ᠤᠨ ᠥᠰᠥᠭ ᠵᠢᠷᠤᠭᠰᠠᠨ ᠭᠡᠷ᠎ᠡ ᠶᠢᠨ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1. | 3% ᠪᠠᠷ ᠪᠠᠭᠤᠷᠠᠪᠠ᠃ ᠭᠡᠷ᠎ᠡ ᠶᠢᠨ ᠶᠡᠷᠦᠩᠬᠡᠢ ᠲᠤᠭ᠎ᠠ ᠶᠢᠨ ᠲᠣᠭᠲᠠᠭᠤᠨ ᠢᠶᠠᠷ ᠨᠡᠮᠡᠭᠳᠡᠭᠰᠡᠨ ᠨᠢ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠤᠨ ᠪᠠᠷᠢᠯᠭ᠎ᠠ ᠶᠢᠨ ᠠᠵᠢᠯ ᠢ ᠪᠠᠲᠤᠯᠠᠭᠰᠠᠨ ᠮᠥᠷᠲᠡᠭᠡᠨ ᠪᠠᠰᠠ ᠵᠠᠯᠭᠠᠮᠵᠢ | ᠪᠠᠷᠢᠯᠭ᠎ᠠ ᠶᠢᠨ ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ | ︵ᠭᠤᠷᠪᠠ︶ ᠬᠤᠳᠠᠯᠳᠤᠭ᠎ᠠ ᠵᠢᠴᠢ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠤᠨ ᠲᠤᠯᠭᠠᠭᠤᠷᠢᠯᠠᠯ | ᠬᠦᠴᠦᠲᠡᠢ ᠪᠠᠶᠢᠵᠤ᠂ ᠪᠠᠷᠢᠯᠭ᠎ᠠ ᠳᠠᠭᠤᠰᠤᠭᠰᠠᠨ ᠲᠠᠯᠠᠪᠠᠶ ᠳᠡᠭᠡᠳᠦ ᠬᠤᠷᠳᠤᠴᠠ ᠪᠠᠷ ᠨᠡᠮᠡᠭᠳᠡᠪᠡ | ᠭᠡᠷ ᠪᠠᠶᠢᠰᠢᠩ ᠤᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 3. | 2 ᠳᠠᠬᠢᠨ ᠨᠡᠮᠡᠭᠳᠡᠪᠡ᠃ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠥᠷᠲᠡᠭ ᠠᠳᠠᠯᠢ | ᠬᠤᠭᠤᠴᠠᠭᠠᠨ ᠤ ᠬᠢ ᠠᠴᠠ 3.8 ᠳᠠᠬᠢᠨ ᠨᠡᠮᠡᠭᠳᠡᠪᠡ᠃ ᠡᠭᠦᠨ ᠳᠤ᠂ ᠬᠤᠳᠠᠯᠳᠤᠭ᠎ᠠ ᠵᠢᠴᠢ ᠦᠢᠯᠡᠴᠢᠯᠡᠭᠡᠨ ᠳᠤ | ᠬᠡᠷᠡᠭᠯᠡᠬᠦ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠲᠠᠯᠠᠪᠠᠶ ᠨᠡᠯᠢᠶᠡᠳ ᠶᠡᠭᠡ ᠪᠠᠶᠢᠵᠤ᠂ ᠪᠥᠬᠦ ᠲᠤᠭᠤᠷᠢᠭ ᠤᠨ | ᠪᠠᠷᠢᠯᠭ᠎ᠠ ᠶᠢᠨ ᠦᠢᠯᠡᠰ ᠤᠨ ᠭᠡᠷ ᠪᠠᠶᠢᠰᠢᠩ ᠤᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠲᠠᠯᠠᠪᠠᠶ ᠶᠢᠨ 87. | 9% ᠶᠢ ᠡᠵᠡᠯᠡᠵᠦ᠂ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠲᠠᠯᠠᠪᠠᠶ ᠶᠢᠨ ᠨᠡᠮᠡᠭᠳᠡᠯ ᠢ ᠶᠡᠭᠡ ᠪᠠᠷ ᠠᠬᠢᠭᠤᠯᠪᠠ᠃ | | | |