ᠬᠤᠪᠢᠰᠬᠠᠯ ᠤᠨ ᠣᠩᠭᠤᠴᠠ ᠠᠶᠠᠯᠠᠯ ᠢᠶᠠᠨ ᠡᠬᠢᠯᠡᠭᠦᠯᠵᠦ    ᠦᠨᠡᠨ ᠰᠡᠳᠬᠢᠯ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ
ᠨᠡᠶᠢᠲᠡᠯᠡᠭᠰᠡᠨ ᠴᠠᠭ᠄
2023/7/4
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠡᠯᠭᠡᠯᠡᠵᠦ᠂ ᠨᠠᠮ ᠤᠨ ᠬᠡᠷᠡᠯ ᠰᠠᠴᠤᠷᠠᠩᠭᠤᠢ ᠥᠩᠭᠡᠷᠡᠯᠲᠡ ᠶᠢ ᠮᠠᠭᠲᠠᠨ ᠳᠠᠭᠤᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠎ ᠢᠶᠠᠨ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠢ ᠬᠠᠶᠢᠷᠠᠯᠠᠨ ᠬᠦᠷᠢᠶᠡᠯᠡᠬᠦ ᠶᠢᠨ ᠲᠥᠯᠥᠭᠡ᠂ 7 ᠰᠠᠷ᠎ᠠ ᠶᠢᠨ 2᠎ ᠤ ᠡᠳᠦᠷ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠪᠦᠦ ᠯᠢ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ ︽ᠬᠤᠪᠢᠰᠬᠠᠯ ᠤᠨ ᠣᠩᠭᠤᠴᠠ ᠠᠶᠠᠯᠠᠯ ᠢᠶᠠᠨ ᠡᠬᠢᠯᠡᠭᠦᠯᠵᠦ᠂ ᠤᠯᠠᠭᠠᠨ ᠰᠡᠳᠬᠢᠯ ᠢᠶᠠᠷ ᠬᠦᠰᠡᠯ ᠵᠡᠭᠦᠳᠦ ᠪᠠᠨ  ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠥᠷᠨᠢᠭᠦᠯᠪᠡ᠃      ᠲᠣᠭᠯᠠᠯᠲᠠ ᠨᠢ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ᠃ ᠠᠵᠢᠯᠯᠠᠭ᠎ᠠ ᠨᠢ ᠦᠵᠡᠭᠳᠡᠯᠲᠦ ᠳᠠᠭᠤᠤ ︽ᠬᠤᠪᠢᠰᠬᠠᠯ ᠤᠨ ᠣᠩᠭᠤᠴᠠ᠂ ᠨᠠᠨ ᠬᠤ᠋ ᠨᠠᠭᠤᠷ ᠠᠴᠠ ᠠᠶᠠᠯᠠᠯ ᠢᠶᠠᠨ ᠡᠬᠢᠯᠡᠭᠦᠯᠦᠶ᠎ᠡ︾ ᠭᠡᠬᠦ ᠳᠠᠭᠤᠤ ᠶᠢᠨ ᠤᠶᠠᠩᠭ᠎ᠠ ᠳᠤ ᠬᠥᠰᠢᠭᠡ ᠪᠠᠨ ᠨᠡᠭᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠴᠢᠷᠮᠠᠶᠢᠨ ᠲᠡᠮᠡᠴᠡᠵᠦ᠂ ᠬᠦᠰᠡᠯ ᠵᠡᠭᠦᠳᠦ ᠪᠠᠨ ᠬᠥᠭᠡᠭᠡᠴᠡᠯᠳᠦᠨ᠂ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠬᠥᠮᠥᠨ ᠤ ᠶᠢᠷᠲᠢᠨᠴᠦ ᠶᠢᠨ ᠭᠠᠶᠢᠬᠠᠮᠰᠢᠭ ᠪᠠ ᠲᠡᠭᠷᠢ ᠭᠠᠵᠠᠷ ᠢ ᠤᠶᠠᠷᠠᠭᠤᠯᠤᠮ᠎ᠠ ᠯᠤᠲᠤ ᠶᠡᠭᠡ ᠬᠤᠪᠢᠷᠠᠯᠲᠠ ᠶᠢ ᠡᠭᠦᠳᠦᠭᠰᠡᠨ ᠪᠠᠶᠢᠨ᠎ᠠ᠃ ︽ᠬᠤᠪᠢᠰᠬᠠᠯ ᠤᠨ ᠣᠩᠭᠤᠴᠠ ᠶᠢᠨ ᠵᠣᠷᠢᠭ ᠰᠠᠨᠠᠭ᠎ᠠ︾᠎ ᠶᠢ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠵᠠᠯᠭᠠᠮᠵᠢᠯᠠᠵᠤ᠂ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠨ᠎ᠡ᠃ ︽ᠲᠦᠮᠡᠨ ᠬᠢᠵᠠᠭᠠᠷ︾᠎ ᠢ ᠪᠥᠵᠢᠭᠯᠡᠵᠦ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠨᠠᠮ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠭᠡᠵᠦ᠂ ᠭᠤᠴᠣᠯᠠᠯ ᠳᠠᠭᠤᠤ ︽ᠲᠠᠯ᠎ᠠ ᠨᠤᠲᠤᠭ ᠤᠨ ᠳᠠᠭᠤᠤ ᠢ ᠳᠠᠭᠤᠯᠠᠶ᠎ᠠ︾᠂ ᠪᠠᠭᠠᠴᠤᠳ ᠬᠡᠦᠬᠡᠳ ᠤᠨ ᠪᠥᠵᠢᠭ ︽ᠠᠯᠳᠠᠨ ᠲᠣᠭᠤᠰ︾᠂ ︽ᠰᠡᠷᠡᠯ ᠮᠣᠷᠢ︾᠂ ᠦᠵᠡᠭᠳᠡᠯᠲᠦ ᠳᠠᠭᠤᠤ ︽ᠲᠠᠨᠠᠷ ᠲᠠᠢ ᠠᠭᠤᠯᠵᠠᠭᠠᠳ ᠣᠨᠴᠠᠭᠠᠢ ᠳᠣᠲᠣᠨᠣ ᠪᠣᠯᠤᠭᠰᠠᠨ︾ ᠵᠡᠷᠭᠡ ᠭᠤᠴᠣ ᠰᠠᠶᠢᠬᠠᠨ ᠲᠣᠭᠯᠠᠯᠲᠠ ᠡᠭᠡᠯᠵᠢᠯᠡᠨ ᠶᠠᠪᠤᠭᠳᠠᠵᠤ᠂ ᠲᠣᠭᠯᠠᠭᠴᠢᠳ ᠬᠠᠩᠭᠢᠨᠠᠮ᠎ᠠ ᠳᠠᠭᠤᠤ᠂ ᠨᠠᠬᠢᠯᠵᠠᠬᠤ ᠪᠥᠵᠢᠭ ᠤᠨ ᠳᠦᠷᠢ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠢᠶᠠᠨ ᠨᠠᠮ ᠳᠠᠭᠠᠨ ᠢᠷᠦᠭᠡᠯ ᠵᠥᠩᠨᠡᠯ ᠢᠶᠠᠨ ᠢᠯᠡᠳᠬᠡᠵᠦ ᠪᠠᠶᠢᠯ᠎ᠠ᠃ ᠠᠯᠢ ᠤᠯᠠᠨ ᠲᠠᠨᠢᠯ ᠳᠠᠰᠤᠯ ᠳᠠᠭᠤᠤ ᠬᠥᠭᠵᠢᠮ ᠨᠢ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠢ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠤᠯᠭᠠᠪᠠ᠃      ᠲᠤᠰ ᠤᠳᠠᠭ᠎ᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠣᠶᠢᠯᠠᠭᠠᠵᠤ᠂ ᠨᠠᠮ ᠤᠨ ᠠᠴᠢ ᠶᠢ ᠮᠡᠳᠡᠷᠡᠵᠦ᠂ ᠨᠠᠮ ᠤᠨ ᠠᠴᠢ ᠶᠢ ᠮᠠᠭᠲᠠᠨ ᠳᠠᠭᠤᠯᠠᠵᠤ᠂ ᠨᠠᠮ ᠤᠨ ᠭᠡᠰᠢᠭᠦᠨ ᠤ ᠬᠤᠪᠢ ᠨᠡᠮᠡᠷᠢ ᠦᠵᠡᠭᠦᠯᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠠᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号