7 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ 2023 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠲᠤᠰᠬᠠᠢ | ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠡᠮᠦᠨ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠪᠦᠬᠦ ᠭᠡᠰᠢᠭᠦᠳ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠥᠪᠡᠷ ᠢᠶᠠᠨ | ᠰᠤᠷᠤᠯᠴᠠᠬᠤ ᠶᠢ ᠨᠠᠷᠢᠨ ᠬᠢᠨᠠᠮᠠᠭᠠᠢ ᠥᠷᠨᠢᠭᠦᠯᠦᠭᠰᠡᠨ ᠪᠥᠭᠡᠳ ᠲᠤᠰ ᠪᠡᠶ᠎ᠡ ᠶᠢᠨ ᠦᠵᠡᠯ ᠰᠠᠨᠠᠭ᠎ᠠ ᠪᠣᠯᠣᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠣᠯᠢᠯᠴᠠᠵᠤ ᠰᠤᠳᠤᠯᠤᠨ ᠶᠠᠷᠢᠯᠴᠠᠬᠤ ᠮᠠᠲ᠋ᠧᠷᠢᠶᠠᠯ ᠲᠤᠭᠤᠷᠪᠢᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠣᠯ ᠮᠠᠨ ᠤ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠣᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ | ᠰᠤᠷᠤᠯᠴᠠᠨ ᠣᠶᠢᠯᠠᠭᠠᠬᠤ ᠶᠢ ᠨᠡᠪᠳᠡᠷᠡᠳᠡᠯ᠎ᠠ ᠰᠠᠶᠢᠲᠤᠷ ᠠᠳᠬᠤᠵᠤ᠂ ᠡᠭᠦᠨ ᠳᠤ ᠠᠭᠤᠯᠤᠭᠳᠠᠵᠤ ᠪᠠᠶᠢᠭ᠎ᠠ ᠪᠠᠶᠠᠯᠢᠭ | ᠤᠶᠢᠯᠭᠠᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠦᠨᠡᠨ ᠪᠣᠳᠠᠲᠠᠢ ᠠᠷᠭ᠎ᠠ | ᠬᠡᠮᠵᠢᠶ᠎ᠡ ᠪᠠᠷ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ | ᠣᠷᠣᠨ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠬᠤ ᠶᠢ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃ | ᠬᠤᠷᠠᠯ ᠠᠴᠠ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠠᠨᠠᠭᠠᠴᠢᠯᠠᠭ᠎ᠠ ᠠᠴᠠ ᠪᠠᠨ ᠵᠣᠭᠰᠣᠵᠤ᠂ | ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠰᠢᠨ᠎ᠡ | ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ | ᠰᠢᠨ᠎ᠡ ᠠᠶᠠᠨ ᠵᠠᠮ ᠳᠤ ︽ᠬᠥᠬᠡᠮᠳᠦᠭ ᠠᠭᠤᠯᠠ ᠶᠢᠨ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠬᠦ | ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠤᠭᠤᠲᠤ ᠶᠢᠨ ︽ᠳᠡᠯᠡᠬᠡᠢ ᠶᠢᠨ | ᠪᠣᠬᠢᠷᠲᠤᠯ ᠦᠭᠡᠢ ᠴᠠᠬᠢᠭᠤᠷ ᠤᠨ ᠬᠤᠳᠠ︾ ᠶᠢᠨ ᠴᠣᠯᠠ ᠣᠯᠣᠭᠰᠠᠨ ᠠᠰᠢᠭᠲᠠᠢ ᠠᠵᠠ ᠲᠣᠬᠢᠶᠠᠯ ᠳᠤ ᠭᠦᠢᠴᠡᠳ | ᠲᠦᠰᠢᠭᠯᠡᠵᠦ᠂ ᠪᠠᠶᠢᠳᠠᠯ ᠢ ᠠᠰᠢᠭᠯᠠᠨ ᠬᠡᠯᠬᠢᠶ᠎ᠡ ᠶᠢ ᠤᠷᠲᠤᠳᠬᠠᠬᠤ ᠪᠠ ᠬᠠᠮᠢᠶ᠎ᠠ ᠪᠦᠬᠦᠢ ᠢᠵᠢ ᠪᠦᠷᠢᠳᠦᠭᠰᠡᠨ | ᠲᠦᠷᠦᠯ ᠵᠦᠢᠯ ᠢ ᠨᠥᠬᠦᠪᠦᠷᠢᠯᠡᠵᠦ᠂ ᠬᠠᠮᠢᠶ᠎ᠠ ᠪᠦᠬᠦᠢ ᠠᠵᠤ ᠦᠢᠯᠡᠰ ᠢ ᠲᠡᠳᠬᠦᠬᠦ ᠲᠦᠷᠦ ᠶᠢᠨ ᠪᠣᠳᠣᠯᠭ᠎ᠠ ᠶᠢ | ᠴᠢᠷᠮᠠᠶᠢᠨ ᠣᠯᠵᠤ᠂ ᠵᠢᠯ ᠤᠨ ᠳᠣᠲᠣᠷ᠎ᠠ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠦᠨᠡᠨ | ᠪᠣᠳᠠᠲᠠᠢ ᠪᠠᠷ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠢ ᠬᠦᠴᠦᠯᠡᠨ ᠳᠡᠭᠡᠭᠰᠢᠯᠡᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ ᠪᠠ ᠡᠯ᠎ᠡ ᠵᠦᠢᠯ ᠤᠨ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠪᠠᠲᠤᠯᠠᠭ᠎ᠠ ᠶᠢᠨ ᠠᠵᠢᠯ ᠢ ᠪᠣᠳᠠᠲᠠᠢ ᠠᠳᠬᠤᠵᠤ᠂ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠶᠢᠨ ᠳᠤᠷᠠᠳᠤᠭᠰᠠᠨ ᠠᠵᠢᠯ ᠢ ᠪᠣᠳᠠᠲᠠᠢ ᠠᠳᠬᠤᠬᠤ᠂ ᠰᠠᠭᠤᠷᠢ ᠶᠢ | ᠪᠠᠲᠤᠳᠬᠠᠬᠤ᠂ ᠠᠯᠬᠤᠴᠠ ᠶᠢ ᠪᠠᠲᠤᠳᠬᠠᠬᠤ ᠴᠢᠬᠤᠯᠠ ᠱᠠᠭᠠᠷᠳᠠᠯᠭ᠎ᠠ ᠶᠣᠰᠣᠭᠠᠷ᠂ ᠪᠣᠳᠠᠲᠠᠢ ᠠᠵᠢᠯᠯᠠᠬᠤ ᠰᠤᠷᠲᠠᠯ ᠢᠶᠠᠷ | ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠮᠠᠭᠴᠠ ᠬᠢᠵᠦ᠂ ᠳᠠᠷᠤᠶᠢᠬᠠᠨ | ᠡᠷᠬᠢᠯᠡᠬᠦ ᠦᠷ᠎ᠡ ᠪᠦᠲᠦᠮᠵᠢ ᠶᠢᠨ ᠤᠬᠠᠮᠰᠠᠷ ᠲᠠᠢ ᠪᠠᠶᠢᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ | ᠬᠦᠷᠢᠶᠡᠯᠡᠩ᠂ ᠴᠥᠮ᠎ᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ᠂ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠬᠦ ᠬᠠᠩᠭᠠᠯᠭ᠎ᠠ ᠶᠢᠨ ᠲᠥᠪ ᠵᠡᠷᠭᠡ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠢᠩᠭ᠎ᠠ | ᠠᠳᠬᠤᠭᠠᠳ ᠲᠠᠯᠪᠢᠬᠤ ᠦᠭᠡᠢ᠂ ᠡᠴᠦᠰ ᠲᠤᠨᠢ ᠲᠤᠯᠲᠠᠯ᠎ᠠ ᠠᠳᠬᠤᠬᠤ ᠦᠷ᠎ᠡ ᠳ᠋ᠦᠩ ᠤᠨ ᠤᠳᠤᠷᠢᠳᠤᠮᠵᠢ ᠶᠢ | ᠲᠤᠪᠤᠶᠢᠯᠭᠠᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠤᠨ ᠵᠥᠷᠢᠶ᠎ᠡ ᠶᠢ ᠡᠷᠢᠵᠦ᠂ ᠠᠬᠢᠴᠠ ᠶᠢ | ᠳᠡᠭᠡᠭᠰᠢᠯᠡᠭᠦᠯᠵᠦ᠂ ᠣᠨᠴᠠᠭᠠᠶᠢᠯᠠᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ | ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠳᠤᠲᠠᠭᠤᠳᠠᠯ ᠢ ᠨᠥᠬᠦᠪᠦᠷᠢᠯᠡᠵᠦ᠂ ᠴᠢᠨᠠᠷ ᠰᠠᠶᠢᠲᠠᠢ ︽ᠬᠤᠭᠤᠴᠠᠭᠠᠨ | ᠳᠤᠮᠳᠠᠬᠢ ᠬᠠᠷᠢᠭᠤᠯᠲᠠ ᠶᠢᠨ ᠬᠠᠭᠤᠳᠠᠰᠤ︾ ᠲᠤᠰᠢᠶᠠᠬᠤ ᠶᠢ ᠪᠠᠲᠤᠯᠠᠬᠤ ᠬᠡᠷᠡᠭᠲᠡᠢ᠃ ᠪᠦᠬᠦ ᠬᠦᠴᠦᠨ ᠢᠶᠠᠷ ᠢᠶᠠᠨ | ᠪᠤᠯᠢᠶᠠᠯᠴᠠᠬᠤ᠂ ᠡᠭᠦᠷᠢᠳᠡ ᠦᠭᠡ ᠳᠠᠭᠤᠨ ᠦᠭᠡᠢ ᠲᠡᠮᠡᠴᠡᠬᠦ ᠵᠣᠷᠢᠭ ᠰᠠᠨᠠᠭ᠎ᠠ ᠶᠢ ᠴᠢᠩᠭᠠᠳᠬᠠᠵᠤ᠂ | ︽ᠲᠠᠶᠢᠯᠪᠤᠷᠢᠯᠠᠯᠲᠠ ᠲᠠᠢ ᠰᠡᠳᠬᠢᠬᠦᠢ︾ ᠶᠢ ᠶᠡᠬᠡᠪᠡᠷ ᠳᠡᠯᠭᠡᠷᠡᠭᠦᠯᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ | ᠬᠠᠨᠳᠤᠵᠤ᠂ ᠵᠣᠷᠢᠭᠲᠠᠢ ᠪᠠᠷ ᠵᠥᠷᠢᠴᠡᠯ ᠢ ᠬᠦᠨᠳᠡᠵᠦ᠂ ᠵᠣᠷᠢᠭᠲᠠᠢ ᠪᠠᠷ ᠠᠰᠠᠭᠤᠳᠠᠯ ᠢ ᠰᠢᠢᠳᠪᠦᠷᠢᠯᠡᠵᠦ᠂ ᠦᠵᠡᠬᠦ ᠳᠤ | ᠬᠢᠵᠦ ᠳᠡᠶᠢᠯᠬᠦ ᠦᠭᠡᠢ᠂ ᠥᠩᠭᠡᠷᠡᠭᠰᠡᠨ ᠳᠤ ᠬᠢᠵᠦ ᠳᠡᠶᠢᠯᠬᠦ ᠦᠭᠡᠢ᠂ ᠪᠤᠰᠤᠳ ᠬᠥᠮᠥᠨ ᠬᠢᠵᠦ ᠳᠡᠶᠢᠯᠬᠦ ᠦᠭᠡᠢ | ᠶᠠᠪᠤᠳᠠᠯ ᠢ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠮᠵᠢᠯᠲᠠ ᠲᠠᠢ ᠬᠢᠵᠦ᠂ ᠰᠠᠶᠢᠲᠤᠷ ᠬᠢᠵᠦ᠂ ᠦᠨᠡᠨᠬᠦ | ︽ᠲᠠᠶᠢᠯᠪᠤᠷᠢᠯᠠᠯᠲᠠ ᠲᠠᠢ ᠰᠡᠳᠬᠢᠬᠦᠢ︾ ᠭᠡᠬᠦ ᠬᠤᠪᠢᠰᠤᠯᠲᠠ ᠪᠠᠷ ᠲᠦᠷᠦᠯ ᠵᠦᠢᠯ᠂ ᠠᠷᠭ᠎ᠠ᠂ ᠣᠷᠣᠨ ᠵᠠᠢ ᠶᠢᠨ | ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠶᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ | | | |