ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠲᠠᠪᠦᠷᠢᠵᠢᠭᠤᠯᠤᠨ᠎ᠠ
ᠨᠡᠶᠢᠲᠡᠯᠡᠭᠰᠡᠨ ᠴᠠᠭ᠄
2023/7/6
      ᠤᠯᠤᠰ ᠤᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠲᠤᠯᠠᠨ᠂ ᠲᠠᠷᠢᠶᠠᠨ ᠭᠠᠵᠠᠷ ᠤᠨ ᠰᠢᠮ᠎ᠡ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠠᠰᠢᠭ ᠲᠤᠰᠠ ᠶᠢ ᠪᠠᠲᠤᠯᠠᠨ᠂ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ᠂ ᠣᠨᠣᠪᠴᠢᠲᠠᠶ᠂ ᠠᠮᠤᠷ ᠲᠦᠪᠰᠢᠨ ᠢᠶᠠᠷ ᠲᠠᠷᠢᠶᠠᠴᠢᠨ ᠡᠷᠦᠬᠡ ᠳᠤ ᠣᠯᠭᠤᠬᠤ ᠶᠢ ᠦᠨᠡᠨ ᠬᠦ ᠪᠠᠲᠤᠯᠠᠪᠠ᠃      ᠨᠢᠭᠡ ᠳᠤ ᠥᠨᠳᠥᠷ ᠪᠠᠷᠢᠮᠵᠢᠶ᠎ᠠ ᠪᠠᠷ ᠠᠵᠢᠯᠯᠠᠬᠤ ᠵᠢᠷᠤᠮ ᠢ ᠵᠢᠷᠤᠮᠵᠢᠭᠤᠯᠤᠨ᠎ᠠ᠃ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢ ᠢᠳᠡᠪᠬᠢᠲᠡᠢ ᠪᠠᠷ ᠵᠣᠬᠢᠴᠠᠭᠤᠯᠤᠨ ᠤᠷᠢᠳᠴᠢᠯᠡᠨ ᠠᠷᠭ᠎ᠠ ᠰᠦᠪᠡᠭᠴᠢᠯᠡᠵᠦ᠂ ᠨᠥᠬᠦᠪᠦᠷᠢ ᠶᠢᠨ ᠪᠡᠯᠡ ᠮᠥᠩᠭᠦ ᠶᠢᠨ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠪᠦᠷᠢᠳᠬᠡᠬᠦ᠂ ᠵᠠᠷᠯᠠᠨ ᠨᠡᠶᠢᠲᠡᠯᠡᠬᠦ ᠵᠡᠷᠭᠡ ᠠᠵᠢᠯ ᠢ ᠤᠷᠢᠳᠴᠢᠯᠠᠨ ᠪᠡᠶᠡᠯᠡᠭᠦᠯᠵᠦ᠂ ᠰᠠᠭᠤᠷᠢ ᠲᠤᠭ᠎ᠠ ᠶᠢ ᠪᠣᠳᠠᠲᠠᠶᠢᠵᠢᠭᠤᠯᠤᠨ᠂ ᠨᠥᠬᠦᠪᠦᠷᠢ ᠶᠢᠨ ᠪᠡᠯᠡ ᠮᠥᠩᠭᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠬᠤᠶᠠᠷ ᠲᠤ᠂ ᠰᠤᠯᠢᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠵᠣᠯᠭᠠᠯᠴᠠᠭ᠎ᠠ ᠶᠢ ᠨᠠᠶᠢᠳᠠᠪᠤᠷᠢᠵᠢᠭᠤᠯᠤᠨ᠎ᠠ᠃ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠶᠢᠨ ᠪᠠᠶᠢᠩᠭᠤ ᠶᠢᠨ ᠬᠠᠷᠢᠯᠴᠠᠭ᠎ᠠ ᠶᠢ ᠦᠷᠭᠦᠯᠵᠢᠯᠡᠨ ᠪᠠᠲᠤᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠬᠡ ᠪᠠᠷ ᠳᠠᠮᠵᠢᠭᠤᠯᠤᠨ ᠡᠯ᠎ᠡ ᠲᠣᠭᠤᠷᠢᠭ ᠲᠤ ᠰᠢᠯᠵᠢᠭᠦᠯᠦᠨ ᠥᠭᠬᠦ ᠮᠡᠳᠡᠭᠳᠡᠯ ᠢ ᠣᠯᠣᠭᠰᠠᠨ ᠤ ᠳᠠᠷᠠᠭ᠎ᠠ᠂ ᠣᠷᠣᠯᠠᠨ ᠲᠠᠷᠬᠠᠭᠠᠬᠤ ᠪᠠᠩᠬᠢ ᠲᠠᠢ ᠳᠠᠷᠤᠶᠢᠬᠠᠨ ᠨᠡᠪᠲᠡᠷᠡᠯᠴᠡᠵᠦ᠂ ᠪᠡᠯᠡ ᠮᠥᠩᠭᠦ ᠶᠢ ᠬᠠᠷᠭᠤᠭᠤᠯᠤᠨ᠎ᠠ᠃      ᠭᠤᠷᠪᠠ ᠳᠤ ᠲᠤᠭ᠎ᠠ ᠬᠡᠮᠵᠢᠶ᠎ᠡ ᠶᠢ ᠢᠯᠡ ᠪᠠᠶᠢᠯᠭᠠᠵᠤ᠂ ᠴᠠᠭ ᠲᠤᠬᠠᠢ ᠳᠤᠨᠢ ᠪᠡᠯᠡ ᠮᠥᠩᠭᠦ ᠰᠢᠯᠵᠢᠭᠦᠯᠦᠨ ᠥᠭᠭᠦᠨ᠎ᠡ᠃ ᠴᠢᠩᠱᠠᠨ ᠲᠣᠭᠤᠷᠢᠭ ᠤᠨ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠲᠣᠰ ᠤᠳᠠᠭᠠᠨ ᠤ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠬᠠᠮᠠᠭᠠᠯᠠᠯᠲᠠ ᠶᠢᠨ ᠨᠥᠬᠦᠪᠦᠷᠢ ᠨᠢ ᠪᠥᠬᠦ ᠲᠤᠭᠤᠷᠢᠭ ᠤᠨ 621 ᠲᠠᠷᠢᠶᠠᠴᠢᠨ ᠡᠷᠦᠬᠡ ᠳᠤ ᠬᠤᠯᠪᠣᠭᠳᠠᠵᠤ᠂ ᠨᠥᠬᠦᠪᠦᠷᠢ ᠥᠭᠬᠦ ᠲᠠᠯᠠᠪᠠᠶ ᠨᠢ 10704.31 ᠮᠦ ᠳᠤ ᠬᠤᠯᠪᠣᠭᠳᠠᠵᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ 26.38 ᠲᠥᠭᠦᠷᠢᠭ/ᠮᠦ ᠶᠢᠨ ᠨᠥᠬᠦᠪᠦᠷᠢ ᠶᠢᠨ ᠪᠠᠷᠢᠮᠵᠢᠶ᠎ᠠ ᠪᠠᠷ 2023 ᠣᠨ ᠤ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠬᠠᠮᠠᠭᠠᠯᠠᠯᠲᠠ ᠶᠢᠨ 28.24 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠲᠠᠷᠬᠠᠭᠠᠵᠤ᠂ ᠨᠥᠬᠦᠪᠦᠷᠢ ᠪᠡᠯᠡ ᠮᠥᠩᠭᠦ ᠶᠢ ᠨᠢᠭᠡᠨᠲᠡ ︽ᠪᠦᠬᠦᠨ ᠳᠤ ᠲᠣᠬᠢᠷᠠᠬᠤ ᠺᠠᠷᠲ︾ ᠤᠨ ᠠᠷᠭ᠎ᠠ ᠮᠠᠶ᠋ᠢᠭ ᠢᠶᠠᠷ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠥᠭᠭᠦᠭᠰᠡᠨ ᠪᠠᠶᠢᠨ᠎ᠠ᠃      ᠳᠥᠷᠪᠡ ᠳᠤ ᠴᠢᠩᠭ᠎ᠠ ᠱᠠᠯᠠᠪᠳᠠᠭᠤᠯᠤᠨ ᠪᠠᠶᠢᠴᠠᠭᠠᠵᠤ᠂ ᠪᠦᠬᠦᠨ ᠢ ᠲᠦᠭᠡᠭᠡᠨ ᠥᠭᠬᠦ ᠶᠢ ᠦᠨᠡᠨ ᠬᠦ ᠪᠠᠲᠤᠯᠠᠨ᠎ᠠ᠃ ᠲᠠᠷᠬᠠᠭᠠᠭᠰᠠᠨ ᠲᠤᠭ᠎ᠠ ᠪᠠᠷᠢᠮᠲᠠ ᠶᠢ ᠣᠨᠣᠪᠴᠢᠲᠠᠶ ᠬᠢᠨᠠᠨ ᠬᠠᠷᠭᠤᠭᠤᠯᠬᠤ ᠪᠠᠷ ᠳᠡᠮᠵᠢᠨ᠂ ᠨᠥᠬᠦᠪᠦᠷᠢ ᠣᠯᠭᠤᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠬᠥᠮᠥᠨ ᠳᠤᠨᠢ ᠣᠨᠣᠪᠴᠢᠲᠠᠶ ᠣᠯᠭᠤᠬᠤ ᠶᠢ ᠪᠠᠲᠤᠯᠠᠨ᠎ᠠ᠃‍ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号