7 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ | 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠩᠱᠠᠨ ᠲᠣᠭᠤᠷᠢᠭ ᠤᠨ 2023 | ᠣᠨ ᠳᠤ ᠢᠯᠡ ᠪᠠᠷ ᠪᠠᠭᠰᠢ ᠡᠯᠰᠡᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃ ᠲᠤᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠢ ᠡᠷᠭᠢᠯᠡᠪᠡ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ | ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ | ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠪᠦᠬᠦ ᠲᠤᠭᠤᠷᠢᠭ ᠤᠨ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠶᠢᠷ᠎ᠠ ᠶᠢᠨ | ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠬᠦᠨᠳᠦ ᠶᠡᠭᠡ ᠠᠳᠡᠯ ᠤᠨ ᠰᠤᠷᠭᠠᠮᠵᠢ ᠶᠢ ᠭᠦᠢᠴᠡᠳ ᠬᠦᠯᠢᠶᠡᠨ | ᠠᠪᠴᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠪᠠᠶᠢᠳᠠᠯ ᠢ ᠪᠠᠲᠤ ᠰᠠᠬᠢᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠢᠲᠠᠮᠠᠬᠠᠢ ᠬᠡᠢ᠂ ᠦᠪᠡᠰᠦᠨ ᠪᠠᠷᠢᠭᠰᠠᠨ ᠭᠡᠷ ᠵᠡᠷᠭᠡ ᠲᠤᠰᠬᠠᠢ ᠲᠦᠷᠦᠯ ᠤᠨ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠡᠬᠢ | ᠡᠭᠦᠰᠦᠯ ᠠᠴᠠ ᠨᠢ ᠰᠠᠶᠢᠲᠤᠷ ᠡᠵᠡᠮᠳᠡᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ | ᠪᠡᠯᠡᠳᠬᠡᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ︽ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠰᠢᠯᠢᠳᠡᠭ ᠢ ᠨᠢ ᠰᠣᠩᠭᠤᠬᠤ︾ ᠵᠠᠷᠴᠢᠮ ᠢ | ᠪᠠᠷᠢᠮᠲᠠᠯᠠᠵᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠡᠯᠰᠡᠵᠦ᠂ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠬᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ | ᠬᠥᠮᠥᠵᠢᠭᠦᠯᠬᠦ᠂ ᠵᠢᠭᠠᠨ ᠰᠤᠷᠭᠠᠯᠲᠠ ᠶᠢᠨ ᠪᠠᠭᠰᠢ ᠶᠢᠨ ᠬᠦᠴᠦᠨ ᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡᠨ ᠤ | ᠪᠦᠲᠦᠴᠡ ᠶᠢ ᠰᠢᠯᠢᠳᠡᠭᠵᠢᠭᠦᠯᠬᠦ᠂ ᠭᠠᠵᠠᠷ ᠣᠷᠣᠨ ᠤ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠲᠦᠪᠰᠢᠨ ᠢ | ᠳᠡᠭᠡᠭᠰᠢᠯᠡᠭᠦᠯᠬᠦ᠂ ᠠᠷᠠᠳ ᠤᠯᠠᠨ ᠤ ᠰᠢᠯᠢᠳᠡᠭ ᠰᠤᠷᠭᠠᠨ ᠬᠥᠮᠦᠵᠢᠯ ᠤᠨ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ 2023 ᠣᠨ ᠤ | ᠢᠯᠡ ᠪᠠᠷ ᠪᠠᠭᠰᠢ ᠡᠯᠰᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠶᠠᠪᠤᠴᠠ ᠶᠢ ᠴᠢᠩᠭ᠎ᠠ ᠵᠢᠷᠤᠮᠵᠢᠭᠤᠯᠵᠤ᠂ | ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠪᠥᠬᠦ ᠲᠤᠭᠤᠷᠢᠭ ᠤᠨ | ᠪᠠᠭᠰᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠪᠠᠭᠰᠢ ᠡᠯᠰᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |