ᠴᠢᠩᠱᠠᠨ ᠲᠣᠭᠤᠷᠢᠭ ᠤᠨ 1—7 ᠳ᠋ᠤᠭᠠᠷ ᠰᠠᠷ᠎ᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠡᠮᠡᠭᠳᠡᠯ ᠤᠨ ᠪᠠᠶᠢᠳᠠᠯ
ᠨᠡᠶᠢᠲᠡᠯᠡᠭᠰᠡᠨ ᠴᠠᠭ᠄
2023/8/14
      2023 ᠣᠨ ᠤ 1 — 7 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 5406 ᠡᠷᠦᠬᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 28.8.% ᠨᠡᠮᠡᠭᠳᠡᠪᠡ︔ ᠡᠭᠦᠨ ᠳᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ 2047 ᠡᠷᠦᠬᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 35.3% ᠨᠡᠮᠡᠭᠳᠡᠵᠡᠢ︔ ᠰᠢᠨ᠎ᠡ ᠪᠠᠷ ᠨᠡᠮᠡᠭᠳᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 3359 ᠡᠷᠦᠬᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 24.6% ᠪᠠᠷ ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 4 ᠡᠷᠦᠬᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠄ 400% ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠣᠲᠣᠷ᠎ᠠ ᠡᠮᠦᠨ᠎ᠡ ᠭᠤᠷᠪᠠ ᠳᠤ ᠵᠢᠭᠰᠠᠭᠠᠭᠳᠠᠭᠰᠠᠨ ᠠᠵᠢᠯ ᠲᠥᠷᠥᠯ ᠤᠨ ᠲᠥᠷᠥᠯ ᠨᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ 2694 ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 45% ᠳᠤ ᠬᠦᠷᠴᠦ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ 779 ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 17% ᠳᠤ ᠬᠦᠷᠴᠡᠢ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ 544 ᠡᠷᠦᠬᠡ ᠪᠠᠶᠢᠵᠤ᠂ 13.1% ᠶᠢ ᠡᠵᠡᠯᠡᠪᠡ᠃ 2023 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ ᠴᠢᠩᠱᠠᠨ ᠲᠣᠭᠤᠷᠢᠭ ᠤᠨ ᠦᠷᠭᠦᠯᠵᠢᠯᠡᠨ ᠣᠷᠣᠰᠢᠬᠤ ᠵᠠᠬ᠎ᠠ ᠳᠡᠯᠭᠡᠭᠦᠷ ᠤᠨ ᠭᠤᠣᠯ ᠴᠣᠭᠴᠠ 46007 ᠡᠷᠦᠬᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 19.3% ᠪᠠᠷ ᠨᠡᠮᠡᠭᠳᠡᠪᠡ᠃ 2023 ᠣᠨ ᠤ 1 — 7 ᠳ᠋ᠤᠭᠠᠷ ᠰᠠᠷ᠎ᠠ ᠳᠤ᠂ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ ᠶᠢᠨ ᠪᠥᠬᠦ ᠲᠤᠭ᠎ᠠ 226 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠠᠵᠢᠯᠲᠠᠨ ᠤ ᠲᠤᠭ᠎ᠠ 12549 ᠪᠣᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号