ᠨᠡᠷᠡᠳᠣ ᠲᠠᠮᠳᠡᠭ ᠤᠨ ᠬᠢᠯᠡᠰ ᠴᠡᠭ ᠤᠨ ᠢᠨᠵᠧᠨᠧᠷᠢᠩ ᠢ ᠭᠥᠨᠵᠡᠭᠡᠢ ᠡᠭᠦᠳᠦᠨ ᠪᠠᠶᠢᠭᠤᠯᠵᠣ ᠰᠢᠨ᠎ᠡ ᠴᠠᠭ ᠥᠶ᠎ᠡ ᠶᠢᠨ ᠬᠤᠳᠠ ᠶᠢᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/8/15
      ᠣᠶᠢᠷ᠎ᠡ ᠶᠢᠨ ᠵᠢᠯ ᠠᠴᠠ᠂ ᠴᠢᠩᠱᠠᠨ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠭᠤᠣᠯ ᠰᠢᠵᠢᠮ ᠤᠨ ᠲᠣᠭᠤᠷᠢᠨ ᠳᠤ᠂ ᠶᠡᠷᠥᠩᠭᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠰᠢᠶᠠᠭᠰᠠᠨ ︽ᠲᠠᠪᠣᠨ ᠶᠡᠭᠡ ᠡᠭᠦᠷᠭᠡ︾ ᠳᠤ ᠠᠩᠬᠠᠷᠣᠯ ᠢᠶᠠᠨ ᠲᠥᠪᠯᠡᠷᠡᠭᠦᠯᠵᠣ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢᠨ ᠪᠠᠶᠢᠷᠢ ᠲᠣᠭᠳᠠᠭᠠᠯᠳᠠ ᠶᠢ ᠪᠥᠬᠦ ᠲᠠᠯ᠎ᠠ ᠪᠠᠷ ᠪᠠᠶᠢᠭᠤᠯᠵᠣ᠂ ᠴᠢᠩᠱᠠᠨ ᠤ ᠲᠠᠪᠠᠭᠤᠯᠢᠭ ᠲᠤ ᠰᠠᠭᠤᠷᠢᠯᠠᠵᠣ᠂ ᠬᠢᠯᠡᠰ ᠴᠡᠭ ᠤᠨ ᠲᠥᠷᠥᠯ ᠲᠡᠮᠳᠡᠭ ᠢ ᠴᠢᠩᠭᠠᠳᠬᠠᠵᠣ᠂ ᠪᠥᠬᠦ ᠲᠣᠭᠤᠷᠢᠭ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠪᠠ᠃      ᠨᠢᠬᠡ ᠳᠤ᠂ ᠨᠠᠮ ᠤᠨ ᠥᠨᠳᠥᠰᠥᠳᠡᠨ ᠤ ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠣᠯᠣᠰ ᠲᠥᠷᠣ ᠶᠢᠨ ᠰᠠᠭᠤᠷᠢ ᠶᠢ ᠪᠠᠳᠣᠳᠬᠠᠪᠠ᠃ ᠴᠢᠩᠱᠠᠨ ᠲᠣᠭᠤᠷᠢᠭ ᠤᠨ ᠨᠠᠮ ᠤᠨ ᠬᠤᠷᠢᠶ᠎ᠡ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ ᠰᠢᠨ᠎ᠡ ᠴᠠᠭ ᠥᠶ᠎ᠡ ᠶᠢᠨ ᠨᠠᠮ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ ᠲᠣᠬᠠᠢ ᠬᠡᠷᠡᠭᠵᠢᠬᠦᠯᠬᠦ ᠲᠥᠰᠥᠯ︾ ᠢ ᠲᠠᠷᠣᠮᠠᠯᠠᠨ ᠲᠠᠷᠬᠠᠭᠠᠵᠣ᠂ ᠥᠨᠳᠥᠰᠥᠳᠡᠨ ᠤ ᠠᠵᠢᠯ ᠢ ᠡᠳᠣᠷ ᠲᠣᠳᠣᠮ ᠤᠨ ᠴᠢᠬᠤᠯᠨ ᠵᠥᠪᠯᠡᠬᠦ ᠵᠥᠢᠯ᠂ ᠨᠠᠮ ᠤᠨ ᠪᠠᠶᠢᠭᠤᠯᠣᠯᠳᠠ᠂  ᠲᠣᠭᠤᠷᠢᠨ ᠪᠠᠶᠢᠴᠠᠭᠠᠬᠤ ᠠᠵᠢᠯ ᠤᠨ ᠭᠥᠷᠢᠶ᠎ᠡ ᠬᠡᠪᠴᠢᠶᠡᠨ ᠳᠡᠭᠡᠨ ᠣᠷᠣᠭᠤᠯᠵᠣ᠂ ᠨᠠᠮ ᠤᠨ ᠬᠤᠷᠢᠶ᠎ᠠ ᠵᠠᠰᠠᠭ ᠤᠨ ᠣᠷᠳᠣᠨ ᠣᠳᠣᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠲᠡᠭᠡᠳᠣ ᠲᠣᠣᠷᠠᠳᠣ ᠱᠠᠳᠣ ᠬᠤᠯᠪᠣᠭᠠᠯᠠᠨ ᠬᠥᠳᠡᠯᠣᠯᠴᠡᠬᠦ᠂ ᠬᠥᠴᠣ ᠪᠠᠨ ᠬᠠᠮᠳᠣᠳᠬᠠᠵᠣ ᠪᠥᠳᠥᠭᠡᠨ ᠪᠠᠶᠢᠭᠤᠯᠬᠤ ᠠᠵᠢᠯ ᠤᠨ ᠪᠠᠶᠢᠷᠢᠰᠢᠯ ᠢ ᠪᠥᠷᠢᠯᠳᠥᠬᠦᠯᠪᠠ᠃ ᠥᠨᠳᠥᠰᠥᠳᠡᠨ ᠤ ᠠᠵᠢᠯ ᠤᠨ ᠵᠣᠬᠢᠴᠠᠭᠤᠯᠬᠤ ᠲᠣᠭᠳᠠᠴᠨ ᠶᠢ ᠪᠠᠶᠢᠭᠤᠯᠵᠣ᠂ ᠭᠤᠷᠪᠠᠨ ᠱᠠᠳᠣᠨ ᠤ ᠥᠨᠳᠥᠰᠥᠳᠡᠨ ᠤ ᠬᠠᠮᠢᠶᠠᠷᠣᠯᠳᠠ ᠶᠢᠨ ᠲᠣᠣᠷ ᠰᠥᠯᠵᠢᠶ᠎ᠡ ᠶᠢ ᠪᠥᠷᠢᠨᠰᠢᠬᠦᠯᠥᠨ᠂ ᠪᠣᠯᠪᠠᠰᠣᠷᠠᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠣ᠂ ᠪᠥᠬᠦ ᠲᠣᠭᠤᠷᠢᠭ ᠤᠨ ᠥᠨᠳᠥᠰᠥᠳᠡᠨ ᠱᠠᠰᠢᠨ ᠰᠣᠷᠳᠠᠬᠤᠨ ᠤ ᠠᠵᠢᠯ ᠤᠨ ᠺᠠᠳ᠋ᠷ ᠤᠨ ᠲᠣᠬᠠᠶᠢᠯᠠᠭᠰᠠᠨ ᠠᠵᠢᠯ ᠤᠨ ᠬᠡᠪ ᠴᠢᠨᠡᠷ ᠢ ᠲᠡᠬᠡᠭᠰᠢᠯᠡᠬᠦᠯᠬᠦ ᠲᠣᠰᠬᠠᠢ ᠰᠡᠳᠣᠪᠳᠣ ᠪᠣᠯᠪᠠᠰᠣᠷᠠᠯ ᠤᠨ ᠠᠩᠬᠢ᠂ ᠪᠥᠬᠦ ᠲᠣᠭᠤᠷᠢᠭ ᠤᠨ ᠥᠨᠳᠥᠰᠥᠳᠡᠨ ᠨᠦᠭᠦᠳ ᠤᠨ ᠲᠥᠯᠥᠭᠡᠯᠡᠭᠴᠢ ᠬᠥᠮᠥᠰ ᠤᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠲᠣᠰᠬᠠᠢ ᠰᠡᠳᠣᠪᠳᠣ ᠪᠣᠯᠪᠠᠰᠣᠷᠠᠯ ᠢ ᠡᠷᠬᠢᠯᠡᠪᠡ᠃ ᠥᠨᠳᠥᠰᠥᠳᠡᠨ ᠤ ᠠᠵᠢᠯ ᠤᠨ ︽ᠬᠠᠷᠢᠯᠴᠡᠨ ᠲᠣᠭᠤᠷᠢᠨ ᠥᠵᠡᠬᠦ᠂ ᠬᠠᠷᠢᠯᠴᠡᠨ ᠲᠣᠯᠢ ᠪᠣᠯᠭᠠᠬᠤ᠂ ᠬᠠᠷᠢᠯᠴᠡᠨ ᠥᠨᠡᠯᠡᠬᠦ︾ ᠠᠵᠢᠯᠯᠠᠭ᠎ᠠ ᠶᠢ ᠬᠥᠨᠵᠡᠭᠡᠢ ᠥᠷᠨᠢᠬᠦᠯᠵᠣ᠂ ᠪᠥᠬᠦ ᠲᠣᠭᠤᠷᠢᠭ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠪᠠ᠃ ᠪᠣᠭᠤᠳᠣ ᠬᠤᠳᠠ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠣ ᠶᠢ ᠵᠠᠯᠭᠠᠭ᠎ᠠ ᠪᠠᠷ 6 ᠣᠳᠠᠭ᠎ᠠ ᠭᠥᠷᠳᠡᠭᠰᠡᠨ ᠰᠠᠭᠤᠷᠢᠨ ᠲᠡᠭᠡᠷ᠎ᠡ᠂ 2020 ᠣᠨ ᠳᠤ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶᠡᠴᠢ ᠲᠣᠭᠤᠷᠢᠭ︾ ᠢᠶᠠᠷ ᠥᠨᠡᠯᠡᠭᠳᠡᠪᠡ᠃      ᠬᠤᠶᠠᠷ ᠲᠤ᠂ ᠰᠣᠶᠣᠯ ᠢ ᠥᠨᠳᠥᠰᠥᠳᠡᠨ ᠤ ᠪᠥᠯᠬᠦᠮᠳᠡᠯ ᠳᠤ ᠨᠡᠪᠴᠢᠭᠦᠯᠬᠦ ᠶᠢ ᠪᠠᠷᠢᠮᠳᠠᠯᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠥᠵᠡᠯ ᠰᠠᠨᠠᠭᠠᠨ ᠤ ᠰᠠᠭᠤᠷᠢ ᠶᠢ ᠪᠠᠳᠣᠳᠬᠠᠪᠠ᠃ ᠴᠢᠩᠱᠠᠨ ᠲᠣᠭᠤᠷᠢᠭ ᠤᠨ ᠬᠢᠨ ᠲᠣᠮᠳᠠᠳᠣ ᠶᠢᠨ ᠥᠨᠳᠥᠰᠥᠳᠡᠨ ᠤ ᠰᠢᠯᠢᠳᠡᠭ ᠣᠯᠠᠮᠵᠢᠯᠠᠯᠳᠣ ᠰᠣᠶᠣᠯ ᠤᠨ ᠲᠠᠪᠠᠭᠤᠯᠢᠭ ᠢ ᠭᠥᠢᠴᠡᠳ ᠪᠠᠳᠠᠷᠠᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠶᠢ ᠺᠠᠳ᠋ᠷ ᠤᠨ ᠬᠥᠮᠥᠵᠢᠯ᠂ ᠨᠠᠮ ᠤᠨ ᠬᠡᠰᠢᠭᠦᠨ ᠤ ᠬᠥᠮᠥᠵᠢᠯ᠂ ᠣᠯᠣᠰ ᠠᠷᠠᠳ ᠤᠨ ᠰᠣᠷᠭᠠᠨ ᠬᠥᠮᠥᠵᠢᠯ ᠤᠨ ᠰᠢᠰᠲ᠋ᠧᠮ ᠳᠤ ᠤᠷᠤᠭᠤᠯᠵᠦ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠤᠨ ᠥᠵᠡᠯ ᠰᠠᠨᠠᠭᠠᠨ ᠤ ᠰᠠᠭᠤᠷᠢ ᠶᠢ ᠲᠠᠰᠣᠷᠠᠯᠳᠠ ᠥᠭᠡᠢ ᠪᠠᠳᠣᠳᠬᠠᠨ ᠪᠠᠬᠢᠵᠢᠭᠦᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠭᠡᠷ ᠣᠷᠣᠨ ᠢᠶᠠᠨ ᠴᠣᠭᠴᠠᠯᠠᠨ ᠪᠠᠶᠢᠭᠤᠯᠪᠠ᠃ ᠣᠶᠢᠷ᠎ᠡ ᠶᠢᠨ ᠵᠢᠯ  ᠠᠴᠠ᠂ ᠴᠢᠩᠱᠠᠨ ᠲᠣᠭᠤᠷᠢᠭ ᠡᠯ᠎ᠡ ᠭᠥᠷᠢᠶ᠎ᠡ ᠴᠠᠷᠠᠭ᠎ᠠ ᠳᠤ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠬᠦ ᠴᠡᠭ ᠢ 42 ᠪᠠᠶᠢᠭᠤᠯᠵᠣ᠂ ︽ᠨᠢᠬᠡ ᠲᠢᠩᠬᠢᠮ᠂ ᠨᠢᠬᠡ ᠲᠥᠪ᠂ ᠬᠤᠶᠡᠷ ᠣᠷᠳᠣᠨ᠂ N ᠰᠠᠭᠤᠷᠢᠨ ᠭᠠᠵᠠᠷ︾ ᠤᠨ ᠣᠬᠠᠭᠤᠯᠭ᠎ᠠ ᠬᠥᠮᠥᠵᠢᠯ ᠤᠨ ᠵᠢᠭᠰᠠᠭᠠᠯ ᠤᠨ ᠭᠠᠵᠠᠷ 13 ᠪᠠᠶᠢᠵᠣ᠂ ᠲᠣᠮᠣ ᠬᠡᠯᠪᠡᠷᠢ ᠶᠢᠨ IED ᠵᠡᠷ ᠤᠨ ᠫᠠᠶᠢᠰᠠ᠂ ᠣᠬᠠᠭᠤᠯᠭ᠎ᠠ ᠶᠢᠨ ᠪᠣᠯᠣᠩ᠂ ᠳ᠋ᠧᠩ ᠤᠨ ᠴᠠᠮᠬᠠᠭ ᠳ᠋ᠧᠩ ᠤᠨ ᠬᠠᠶᠢᠷᠴᠠᠭ᠂ ᠰᠣᠶᠣᠯ ᠤᠨ ᠭᠡᠷᠡᠮ᠂ ᠲᠥᠷᠢᠶᠡᠰᠣᠨ ᠮᠠᠰᠢᠨ ᠤ ᠲᠡᠯᠭᠡᠴᠨ ᠵᠡᠷᠭᠡ ᠶᠢ ᠠᠰᠢᠭᠯᠠᠨ᠂ ᠡᠯᠪᠡᠭ ᠪᠠᠶᠠᠯᠢᠭ ᠠᠭᠤᠯᠣᠭᠳᠠᠬᠤᠨ ᠲᠠᠢ᠂ ᠭᠥᠨ ᠵᠣᠵᠠᠭᠠᠨ ᠣᠳᠬ᠎ᠠ ᠠᠭᠤᠯᠭ᠎ᠠ ᠲᠠᠢ᠂ ᠬᠥᠯᠢᠶᠡᠨ ᠠᠪᠬᠤ ᠭᠡᠮᠵᠢᠶ᠎ᠡ ᠪᠠᠷ ᠥᠨᠳᠥᠷ ᠲᠣᠮᠳᠠᠳᠣ ᠶᠢᠨ ᠰᠣᠶᠣᠯ ᠤᠨ ᠲᠠᠮᠳᠡᠭ ᠪᠠ ᠲᠣᠮᠳᠠᠳᠣ ᠶᠢᠨ ᠥᠨᠳᠥᠰᠥᠳᠡᠨ ᠤ ᠲᠥᠷᠢ ᠲᠥᠷᠬᠦ ᠶᠢ ᠥᠷᠭᠡᠨ ᠢᠶᠠᠷ ᠪᠠᠶᠢᠷᠢᠯᠠᠭᠤᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ ᠢ ᠭᠥᠮᠥᠰ ᠤᠨ ᠰᠡᠳᠬᠢᠯ  ᠳᠤ ᠬᠥᠨ ᠬᠠᠳᠠᠩᠰᠢᠭᠤᠯᠪᠠ᠃ ᠴᠢᠩᠱᠠᠨ ᠤ ᠨᠢᠬᠡᠳᠣᠮᠡᠯ ᠹᠷᠣᠨᠲ ᠤᠨ ᠨᠡᠶᠢᠳᠡ ᠶᠢᠨ ᠳ᠋ᠣᠭᠠᠷ᠂ ᠠᠨᠠᠷ ᠤᠨ ᠣᠯᠠᠭᠠᠨ ᠸᠢᠳᠢᠣ᠋ ᠵᠡᠷᠭᠡ ᠲᠡᠪᠴᠡᠩ ᠳᠤ ᠲᠥᠰᠢᠭᠯᠡᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠥᠷ᠎ᠡ ᠪᠥᠳᠥᠭᠡᠯ᠂ ᠭᠤᠶᠢᠳᠠ ᠰᠠᠶᠢᠬᠠᠨ ᠠᠵᠢᠯᠯᠠᠭ᠎ᠠ᠂ ᠣᠨᠣᠯ ᠲᠥᠷᠣ ᠶᠢᠨ ᠪᠣᠳᠣᠯᠭ᠎ᠠ ᠵᠡᠷᠭᠡ ᠶᠢ ᠲᠡᠯᠭᠡᠨ ᠥᠵᠡᠬᠦᠯᠵᠣ᠂ ᠬᠥᠨ ᠵᠣᠵᠠᠭᠠᠨ ᠣᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠳᠤ ᠲᠣᠮᠳᠠᠳᠣ ᠶᠢᠨ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃      ᠭᠤᠷᠪᠠ ᠳᠤ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣᠳᠬᠠᠬᠤ ᠨᠡᠶᠢᠭᠡᠮ ᠤᠨ ᠰᠠᠭᠤᠷᠢ ᠶᠢ ᠪᠠᠳᠣᠳᠬᠠᠪᠠ᠃ ᠴᠢᠩᠱᠠᠨ ᠲᠣᠭᠤᠷᠢᠭ ᠤᠨ ᠬᠢᠨ ᠬᠤᠳᠠ ᠲᠣᠭᠤᠷᠢᠭ ᠤᠨ ᠥᠨᠳᠥᠰᠥᠳᠡᠨ ᠤ ᠠᠵᠢᠯ ᠤᠨ ᠣᠨᠴᠠᠯᠢᠭ  ᠲᠠᠢ ᠣᠶᠠᠯᠳᠣᠭᠤᠯᠵᠣ᠂ ᠨᠡᠶᠢᠭᠡᠮ ᠲᠣᠭᠤᠷᠢᠭ ᠢ ᠥᠨᠳᠥᠰᠥᠳᠡᠨ ᠤ ᠠᠵᠢᠯ ᠤᠨ ᠬᠥᠴᠥᠯᠡᠬᠦ ᠴᠡᠭ ᠪᠣᠯᠭᠠᠵᠣ᠂ ᠥᠨᠳᠥᠰᠥᠳᠡᠨ ᠤ ᠠᠵᠢᠯ ᠤᠨ ᠵᠢᠭᠰᠠᠭᠠᠯ ᠤᠨ ᠭᠠᠵᠠᠷ ᠢ ᠰᠠᠶᠢᠳᠣᠷ ᠪᠠᠶᠢᠭᠤᠯᠬᠤ ᠪᠠ ᠰᠠᠶᠢᠳᠣᠷ ᠬᠡᠷᠡᠭᠯᠡᠬᠦ ᠪᠠᠷ ᠭᠠᠷᠳᠠᠴᠨ ᠪᠣᠯᠭᠠᠵᠣ᠂ ᠬᠠᠷᠢᠯᠴᠡᠨᠤ ᠰᠢᠬᠢᠳᠬᠦ ᠬᠡᠯᠪᠡᠷᠢ ᠶᠢᠨ ᠨᠡᠶᠢᠭᠡᠮ ᠤᠨ  ᠪᠥᠳᠥᠴᠨ ᠪᠣᠯᠣᠨ ᠨᠡᠶᠢᠭᠡᠮ ᠲᠣᠭᠤᠷᠢᠭ ᠤᠨ  ᠣᠷᠴᠢᠨ ᠲᠣᠭᠤᠷᠢᠨ ᠢ ᠪᠥᠬᠦ ᠭᠥᠴᠥᠨ ᠢᠶᠠᠷ ᠢᠶᠠᠨ ᠪᠠᠶᠢᠭᠤᠯᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠬᠠᠮᠳᠣ ᠶᠢᠨ ᠣᠶᠣᠨ ᠰᠠᠨᠠᠭᠠᠨ ᠭᠡᠷ ᠣᠷᠣᠨ ᠢ ᠴᠣᠭᠴᠠᠯᠠᠨ ᠪᠠᠶᠢᠭᠤᠯᠪᠠ᠃ ᠬᠤᠳᠠ ᠶᠢᠨ ᠠᠷᠠᠳ ᠤᠨ ᠶᠡᠭᠡ ᠲᠢᠩᠬᠢᠮ ᠳᠤ ᠥᠨᠳᠥᠰᠥᠳᠡᠨ ᠨᠦᠭᠦᠳ ᠤᠨ ᠶᠠᠪᠣᠭᠤᠯ ᠬᠥᠮᠥᠨ ᠠᠮᠠ ᠶᠢᠨ ᠥᠢᠯᠡᠴᠢᠯᠡᠭᠡᠨ ᠤ ᠥᠷᠳᠡᠭᠡ ᠶᠢ ᠪᠠᠶᠢᠭᠤᠯᠵᠣ᠂ ᠪᠠᠰᠠ ︽ᠣᠯᠠᠭᠠᠨ ᠠᠨᠠᠷ ᠤᠨ ᠶᠡᠷᠥᠩᠭᠡᠶᠢᠯᠡᠭᠰᠡᠨ ᠥᠢᠯᠡᠴᠢᠯᠡᠭᠡᠨ ᠤ ᠲᠠᠪᠴᠠᠩ︾ ᠢ ᠪᠠᠶᠢᠭᠤᠯᠪᠠ᠃ ᠡᠯ᠎ᠡ ᠱᠠᠳᠣᠨ ᠤ ᠣᠯᠠᠭᠠᠨ ᠠᠨᠠᠷ ᠤᠨ ᠬᠡᠷ ᠣᠷᠣᠨ 12᠂ ᠣᠯᠠᠭᠠᠨ ᠠᠨᠠᠷ ᠤᠨ ᠠᠵᠢᠯ ᠣᠯᠭᠤᠯᠳᠠ ᠥᠢᠯᠡᠰ ᠪᠣᠰᠬᠠᠬᠤ ᠪᠣᠯᠪᠠᠰᠣᠷᠠᠯ ᠤᠨ ᠲᠠᠰᠤᠭ 5᠂ ᠣᠯᠠᠭᠠᠨ ᠠᠨᠠᠷ ᠤᠨ ᠰᠣᠶᠣᠯ ᠤᠨ ᠲᠣᠮᠣ ᠭᠥᠷᠢᠶ᠎ᠡ 3 ᠶᠢ ᠪᠠᠶᠢᠭᠤᠯᠵᠣ᠂ ᠪᠥᠬᠦ ᠲᠣᠭᠤᠷᠢᠭ ᠤᠨ ᠥᠨᠳᠥᠰᠥᠳᠡᠨ ᠨᠦᠭᠦᠳ ᠤᠨ ᠣᠯᠡᠨ ᠲᠥᠮᠡᠨ ᠤ ᠰᠣᠷᠣᠯᠴᠠᠯᠭ᠎ᠠ ᠳᠤ ᠵᠢᠭᠰᠠᠭᠠᠯ ᠤᠨ ᠭᠠᠵᠠᠷ ᠲᠠᠢ᠂ ᠭᠡᠷᠡᠭ ᠬᠥᠢᠴᠡᠳᠭᠡᠬᠦ ᠳᠤ  ᠴᠣᠩᠬᠤᠪᠴᠢ ᠲᠠᠢ᠂ ᠠᠵᠢᠯᠯᠠᠭ᠎ᠠ ᠳᠤ ᠰᠠᠭᠤᠷᠢᠨ ᠭᠠᠵᠠᠷ  ᠲᠠᠢ᠂ ᠭᠥᠴᠢᠷᠳᠡᠯ ᠢ ᠬᠠᠪᠰᠣᠷᠣᠨ ᠲᠡᠳᠬᠦᠭᠦ ᠵᠡᠷᠭᠡ ᠶᠢ ᠥᠨᠡᠨᠬᠦ ᠪᠠᠶᠠᠯᠠᠬᠦᠯᠵᠣ᠂ ᠬᠤᠳᠠ ᠶᠢᠨ ᠥᠨᠳᠥᠰᠥᠳᠡᠨ ᠤ ᠠᠵᠢᠯ ᠤᠨ ᠥᠢᠯᠡᠴᠢᠯᠡᠭᠡᠨ ᠤ ᠶᠠᠰᠣ ᠴᠢᠨᠠᠷ ᠪᠠ ᠠᠵᠢᠯ ᠤᠨ ᠥᠷ᠎ᠡ ᠪᠥᠳᠣᠮᠵᠢ ᠶᠢ ᠶᠡᠭᠡ ᠪᠠᠷ ᠲᠡᠬᠡᠭᠰᠢᠯᠡᠬᠦᠯᠪᠠ᠃ ︽ᠥᠨᠳᠥᠰᠥᠳᠡᠨ ᠤ ᠪᠥᠯᠬᠦᠮᠳᠡᠯ ᠨᠢᠬᠡ ᠭᠡᠷ ᠪᠥᠯᠢ ᠶᠢᠨ ᠭᠥᠮᠥᠰ ᠰᠢᠭ᠋ ᠲᠣᠳᠣᠨᠣᠰᠤᠭ᠂ ᠭᠦᠨ ᠰᠡᠳᠬᠢᠯ ᠢᠶᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠳᠤ ᠨᠠᠮ ᠤᠨ ᠠᠴᠢ ᠶᠢ ᠪᠠᠳᠣ ᠴᠡᠭᠡᠵᠢᠯᠡᠬᠦ︾  ︽ᠴᠡᠷᠢᠭ ᠤᠨ ᠵᠠᠪᠰᠡᠭ ᠤᠨ ᠥᠢᠯᠡᠳᠪᠣᠷᠢ ᠶᠢᠨ ᠲᠡᠣᠭᠡ ᠶᠢᠨ ᠡᠷᠭᠢᠴᠡᠭᠦᠯᠦᠯ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠭᠡᠷ ᠢ ᠶᠠᠷᠢᠬᠤ︾ ᠵᠡᠷᠭᠡ 50 ᠭᠠᠷᠣᠢ ᠣᠳᠠᠭᠠᠨ ᠤ ᠥᠨᠳᠥᠰᠥᠳᠡᠨ ᠤ ᠣᠨᠴᠠᠯᠢᠭ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠬᠦᠯᠥᠨ᠂ 12000 ᠭᠠᠷᠣᠢ ᠭᠥᠮᠥᠨ ᠢ ᠬᠠᠮᠣᠷᠴᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠬᠤᠭᠤᠷᠣᠨᠳᠣᠬᠢ ᠵᠠᠢ ᠶᠢ ᠪᠣᠳᠣᠮᠵᠢᠳᠠᠢ ᠣᠶᠢᠷᠠᠳᠣᠭᠤᠯᠵᠣ᠂ ᠣᠯᠣᠰ ᠲᠥᠷᠣ ᠶᠢᠨ ᠠᠮᠢᠳᠣᠷᠠᠯ᠂ ᠠᠵᠣ ᠠᠬᠤᠢ ᠶᠢᠨ ᠠᠮᠢᠳᠣᠷᠠᠯ᠂ ᠰᠣᠶᠣᠯ ᠤᠨ ᠠᠮᠢᠳᠣᠷᠠᠯ ᠪᠠ ᠨᠡᠶᠢᠭᠡᠮ ᠤᠨ ᠠᠮᠢᠳᠣᠷᠠᠯ ᠤᠨ ᠠᠭᠤᠰᠣᠯᠴᠡᠯ ᠢ ᠠᠬᠢᠭᠤᠯᠪᠠ᠃      ᠲᠥᠷᠪᠡ ᠳᠤ᠂ ᠭᠠᠵᠠᠷ ᠣᠷᠣᠨ ᠤ ᠠᠵᠣ ᠠᠬᠤᠢ ᠨᠡᠶᠢᠭᠡᠮ ᠤᠨ ᠥᠢᠯᠡᠰ ᠤᠨ ᠭᠥᠭᠵᠢᠯᠳᠡ ᠶᠢ ᠲᠥᠷᠭᠡᠳᠭᠡᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠰᠠᠶᠢᠨ ᠰᠠᠶᠢᠬᠠᠨ ᠠᠮᠢᠳᠣᠷᠠᠯ ᠤᠨ ᠭᠥᠰᠡᠯ ᠡᠷᠡᠮᠡᠯᠵᠡᠯ ᠢ ᠲᠠᠰᠣᠷᠠᠯᠳᠠ ᠥᠭᠡᠢ ᠬᠠᠩᠭᠠᠪᠠ᠃ ᠴᠢᠩᠱᠠᠨ ᠲᠣᠭᠤᠷᠢᠭ ᠤᠨ ᠬᠢᠨ ᠬᠠᠮᠳᠣ ᠶᠢᠨ ᠬᠥᠭᠵᠢᠯᠳᠡ ᠶᠢ ᠲᠥᠷᠭᠡᠳᠭᠡᠬᠦ ᠪᠠᠷ ᠬᠠᠷᠠᠯᠳᠠ ᠪᠣᠯᠭᠠᠬᠤ ᠶᠢ ᠪᠠᠷᠢᠮᠳᠠᠯᠠᠵᠣ᠂ ᠥᠨᠳᠥᠰᠥᠳᠡᠨ ᠨᠦᠭᠦᠳ ᠤᠨ ᠣᠯᠠᠨ ᠲᠥᠮᠡᠨ ᠤ ᠭᠥᠷᠳᠡᠮᠵᠢ ᠶᠢᠨ ᠲᠥᠷᠥᠭᠳᠡᠯ ᠵᠣᠯ ᠵᠢᠷᠭᠠᠯᠳᠣ ᠲᠥᠷᠥᠭᠳᠡᠯ ᠠᠮᠣᠷ ᠲᠥᠪᠰᠢᠨ ᠤ ᠲᠥᠷᠥᠭᠳᠡᠯ ᠢ ᠲᠠᠰᠣᠷᠠᠯᠳᠠ ᠥᠬᠡᠢ ᠨᠡᠮᠡᠭᠳᠡᠭᠦᠯᠵᠤ᠂ ᠶᠡᠷᠥᠩᠬᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠲᠣᠷᠠᠳᠣᠭᠰᠠᠨ ︽ᠴᠢᠨᠡᠭᠡᠯᠢᠭ ᠨᠡᠶᠢᠭᠡᠮ ᠢ ᠪᠥᠭᠦ ᠲᠠᠯ᠎ᠠ ᠪᠠᠷ ᠪᠡᠶᠡᠯᠡᠬᠦᠯᠬᠦ  ᠳᠤ ᠨᠢᠬᠡ ᠥᠨᠳᠥᠰᠥᠳᠡᠨ ᠢ ᠴᠣ᠋ ᠣᠷᠬᠢᠭᠳᠠᠭᠤᠯᠵᠣ ᠪᠣᠯᠬᠤ ᠥᠬᠡᠢ᠂ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢ ᠪᠠᠶᠠᠯᠡᠬᠦᠯᠬᠦ ᠳᠤ ᠨᠢᠬᠡ ᠥᠨᠳᠥᠰᠥᠳᠡᠨ ᠢ ᠴᠣ᠋ ᠣᠷᠭᠢᠭᠳᠠᠭᠤᠯᠵᠣ ᠪᠣᠯᠬᠤ ᠥᠭᠡᠢ︾ ᠭᠡᠬᠦ ᠵᠢᠭᠠᠪᠣᠷᠢ ᠶᠢᠨ ᠵᠣᠷᠢᠭ ᠰᠠᠨᠠᠭ᠎ᠠ ᠶᠢ ᠪᠣᠳᠠᠳᠣ ᠠᠵᠢᠯᠯᠠᠭ᠎ᠠ ᠪᠠᠷ ᠢᠶᠠᠨ ᠥᠢᠯᠡᠳᠣᠯᠬᠡᠵᠢᠬᠦᠯᠪᠠ᠃ ᠬᠤᠳᠠ ᠶᠢᠨ ᠰᠢᠨᠠᠴᠢᠯᠠᠯᠳᠠ ᠶᠢᠨ ᠠᠵᠢᠯᠯᠠᠭ᠎ᠠ ᠶᠢ ᠥᠷᠭᠦᠯᠵᠢᠯᠡᠨ ᠲᠥᠷᠭᠡᠳᠬᠡᠵᠣ᠂ ᠡᠨᠡ ᠵᠢᠯ  ᠠᠴᠠ ᠨᠠᠰᠢ᠂ 38 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 11 ᠵᠣᠷᠪᠣᠰ ᠵᠠᠮ ᠵᠢᠴᠢ ᠣᠰᠣ ᠵᠠᠯᠠᠬᠤ ᠬᠤᠭᠤᠯᠠᠢ ᠶᠢᠨ ᠲᠣᠣᠷ ᠵᠡᠷᠭᠡ ᠭᠤᠣᠯᠳᠠᠯᠭ᠎ᠠ ᠲᠠᠢ ᠬᠤᠳᠠ ᠶᠢᠨ ᠪᠥᠳᠥᠭᠡᠨ ᠪᠠᠶᠢᠭᠤᠯᠣᠯᠳᠠ ᠶᠢᠨ ᠲᠥᠷᠥᠯ ᠵᠥᠢᠯ ᠢ ᠠᠵᠢᠯ ᠡᠬᠢᠯᠡᠬᠦᠯᠥᠨ ᠥᠭᠡᠷᠡᠴᠢᠯᠡᠵᠣ᠂ ᠠᠷᠠᠳ ᠤᠨ ᠠᠮᠢᠳᠣᠷᠠᠯ ᠤᠨ ᠪᠠᠳᠣᠤᠯᠠᠭ᠎ᠠ ᠶᠢ ᠯᠠᠪᠳᠠᠭᠤᠨ ᠪᠠᠳᠣᠳᠠᠢ ᠰᠠᠶᠢᠳᠣᠷ ᠬᠢᠵᠣ᠂ ᠲᠡᠭᠡᠷ᠎ᠡ ᠬᠠᠭᠠᠰ ᠵᠢᠯ ᠳᠤ ᠠᠷᠠᠳ ᠤᠨ ᠠᠮᠢᠳᠣᠷᠠᠯ ᠤᠨ ᠵᠠᠷᠣᠯᠭ᠎ᠠ ᠶᠢ ᠨᠡᠶᠢᠳᠡ 9.15 ᠳ᠋ᠥᠩᠰᠢᠭᠤᠷ ᠵᠠᠷᠣᠴᠠᠭᠤᠯᠵᠣ᠂ ᠠᠷᠠᠳ ᠤᠨ ᠠᠮᠢᠳᠣᠷᠠᠯ ᠤᠨ 10 ᠵᠥᠢᠯ ᠤᠨ ᠪᠣᠳᠠᠳᠣ ᠶᠠᠪᠣᠳᠠᠯ ᠤᠨ ᠲᠥᠷᠥᠯ ᠵᠥᠢᠯ ᠢ ᠲᠣᠭᠳᠠᠭᠤᠨ ᠢᠶᠠᠷ ᠠᠬᠢᠭᠤᠯᠵᠣ᠂ ᠴᠢᠨᠠᠷ ᠰᠠᠶᠢᠳᠠᠢ ᠡᠮᠴᠢᠯᠡᠭᠡᠨ ᠤ ᠡᠭᠢ ᠪᠠᠶᠠᠯᠢᠭ ᠤᠨ ᠥᠢᠯᠡᠴᠢᠯᠡᠭᠡᠨ ᠤ ᠬᠠᠩᠭᠠᠯᠭ᠎ᠠ ᠶᠢ ᠲᠠᠰᠣᠷᠠᠯᠳᠠ ᠥᠬᠡᠢ ᠨᠡᠮᠡᠭᠳᠡᠭᠦᠯᠵᠤ᠂ ᠥᠪᠥᠷ ᠮᠣᠩᠭᠤᠯ ᠤᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠶᠡᠭᠡ ᠰᠣᠷᠭᠠᠭᠤᠯᠢ ᠶᠢᠨ ᠪᠣᠭᠤᠳᠣ ᠶᠢᠨ ᠡᠮᠨᠡᠯᠬᠡ ᠶᠢᠨ ᠲᠡᠭᠡᠳᠣ ᠰᠣᠷᠭᠠᠭᠤᠯᠢ ᠯᠤᠭ᠎ᠠ ᠬᠠᠮᠳᠣᠷᠠᠯᠴᠡᠨ ᠶᠡᠷᠦᠩᠬᠡᠢ ᠰᠠᠯᠠᠭᠠᠨ ᠤ ᠡᠮᠴᠢ ᠶᠢ ᠬᠥᠮᠥᠵᠢᠬᠦᠯᠵᠣ᠂ ᠰᠣᠷᠭᠠᠨ ᠬᠥᠮᠥᠵᠢᠯ ᠶᠢ ᠡᠬᠢ ᠪᠠᠶᠠᠯᠢᠭ ᠤᠨ ᠪᠠᠶᠢᠷᠢᠰᠢᠭᠤᠯᠣᠯᠳᠠ ᠶᠢ ᠲᠠᠰᠣᠷᠠᠯᠳᠠ ᠥᠭᠡᠢ ᠰᠢᠯᠢᠳᠡᠭᠵᠢᠬᠦᠯᠵᠣ ︽ᠬᠤᠶᠠᠷ ᠢ ᠲᠡᠬᠡᠭᠰᠢᠯᠡᠬᠦᠯᠵᠣ᠂ ᠲᠥᠷᠪᠡ ᠶᠢ ᠰᠢᠨ᠎ᠡ  ᠪᠠᠷ ᠪᠠᠶᠢᠭᠤᠯᠬᠤ︾ ᠵᠡᠭᠦᠨ ᠭᠡᠰᠡᠭ ᠤᠨ ᠣᠷᠣᠨ ᠪᠥᠰᠡ ᠶᠢᠨ ᠰᠣᠷᠭᠠᠨ ᠭᠥᠮᠥᠵᠢᠯ ᠢ ᠭᠥᠭᠵᠢᠬᠦᠯᠥᠨ ᠮᠠᠨᠳᠣᠭᠤᠯᠬᠤ ᠠᠵᠢᠯᠯᠠᠭ᠎ᠠ ᠶᠢ ᠲᠥᠷᠭᠡᠳᠭᠡᠨ ᠭᠡᠷᠡᠭᠵᠢᠬᠦᠯᠵᠥ᠂ ᠣᠯᠣᠰ ᠤᠨ ᠶᠡᠷᠣᠩᠭᠡᠢ ᠴᠣᠭᠴᠠ ᠶᠢᠨ ᠠᠮᠣᠷ ᠲᠥᠪᠰᠢᠨ ᠤ ᠥᠵᠡᠯᠳᠡ ᠶᠢ ᠭᠥᠨᠵᠡᠭᠡᠢ ᠲᠣᠭᠤᠰᠢᠯᠠᠭᠤᠯᠵᠣ᠂ ᠠᠮᠣᠷ ᠲᠥᠪᠰᠢᠨ ᠭᠥᠭᠵᠢᠯᠳᠡ ᠶᠢ ᠪᠥᠬᠦ ᠲᠣᠭᠤᠷᠢᠭ ᠤᠨ ᠠᠵᠣ ᠠᠬᠤᠢ ᠨᠡᠶᠢᠭᠡᠮ ᠤᠨ ᠬᠥᠭᠵᠢᠯᠳᠡ ᠶᠢᠨ ᠡᠯ᠎ᠡ ᠬᠥᠷᠢᠶᠡᠨ ᠤ ᠪᠥᠬᠦ ᠶᠠᠪᠣᠴᠨ ᠳᠤ ᠲᠣᠭᠤᠰᠢᠯᠠᠭᠤᠯᠵᠣ᠂ ᠪᠥᠬᠦ ᠲᠣᠭᠤᠷᠢᠭ ᠤᠨ  ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠡᠯ ᠲᠠᠢ ᠲᠣᠭᠳᠠᠭᠤᠨ ᠪᠣᠯᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号