ᠴᠢᠩᠱᠠᠨ ᠲᠣᠭᠤᠷᠢᠭ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
      8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠬᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠭᠤᠷᠪᠠᠨ ᠬᠠᠩᠭᠠᠯᠭ᠎ᠠ ᠨᠢᠭᠡ ᠠᠳᠠᠯ ᠠᠬᠤᠢ᠂ ᠵᠢᠵᠢᠭ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠳ᠋ᠦᠩᠨᠡᠵᠦ᠂ ᠪᠥᠬᠦ ᠲᠤᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠳᠬᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠬᠤᠳᠠ ᠶᠢᠨ ᠳᠦᠷᠰᠦ ᠪᠠᠶᠢᠳᠠᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠨᠠᠷᠢᠯᠢᠭᠵᠢᠭᠤᠯᠬᠤ ᠱᠠᠭᠠᠷᠳᠠᠯᠭ᠎ᠠ ᠶᠢ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠦᠬᠦ ᠶᠠᠪᠤᠴᠠ ᠳᠤ ᠦᠨᠡᠨᠬᠦ ᠨᠠᠶᠢᠳᠠᠪᠤᠷᠢᠵᠢᠭᠤᠯᠵᠤ᠂ ᠬᠤᠲᠠ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯ᠂ ᠰᠢᠨᠡᠳᠬᠡᠨ ᠥᠭᠡᠷᠡᠴᠢᠯᠡᠬᠦ᠂ ᠣᠯᠠᠨ ᠨᠡᠶᠢᠲᠡ ᠶᠢᠨ ᠦᠢᠯᠡᠴᠢᠯᠡᠭᠡᠨ᠂ ᠵᠠᠰᠠᠬᠤ ᠴᠢᠳᠠᠪᠤᠷᠢ ᠵᠡᠷᠭᠡ ᠲᠠᠯ᠎ᠠ ᠶᠢᠨ ᠳᠤᠲᠠᠭᠤᠳᠠᠯ ᠪᠠ ᠪᠠᠭᠤᠷᠠᠢ ᠲᠠᠯ᠎ᠠ ᠶᠢ ᠣᠨᠣᠪᠴᠢᠲᠠᠶ ᠡᠷᠢᠨ ᠣᠯᠵᠤ᠂ ᠨᠠᠷᠢᠯᠢᠭ ᠤᠨᠤᠪᠴᠢᠲᠠᠢ ᠢᠶᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠰᠢᠰᠲ᠋ᠧᠮ ᠲᠠᠢ ᠪᠠᠷ ᠵᠠᠰᠠᠵᠤ᠂ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠡᠭᠦᠳᠦᠨ ᠥᠭᠴᠦ᠂ ︽ᠴᠢᠩᠱᠠᠨ ᠳᠤ ᠰᠠᠭᠤᠬᠤ︾ ᠠᠯᠲᠠᠨ ᠦᠰᠦᠭᠲᠦ ᠫᠠᠶᠢᠰᠠ ᠶᠢ ᠤᠯᠠᠮᠵᠢᠯᠠᠨ ᠵᠠᠯᠭᠠᠮᠵᠢᠯᠠᠬᠤ ᠪᠠ ᠦᠷᠭᠦᠯᠵᠢᠯᠡᠭᠦᠯᠦᠨ᠎ᠡ ᠭᠡᠵᠦ ᠴᠢᠬᠤᠯᠠᠴᠢᠯᠠᠪᠠ᠃      ᠬᠤᠷᠠᠯ ᠠᠴᠠ᠂ ︽ᠪᠣᠬᠢᠷᠲᠤᠯ ᠢ ᠠᠷᠢᠯᠭᠠᠬᠤ︾᠂ ︽ᠰᠠᠮᠠᠭᠤᠷᠠᠯ ᠢ ᠵᠠᠰᠠᠬᠤ︾᠂ ︽ᠨᠣᠭᠤᠭᠠᠷᠠᠭᠤᠯᠤᠯᠲᠠ ᠶᠢ ᠨᠥᠬᠦᠪᠦᠷᠢᠯᠡᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠣᠷᠣᠭᠠᠨ ᠤ ᠤᠰᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ᠂ ᠵᠠᠮ ᠲᠠᠰᠤᠷᠠᠭᠰᠠᠨ᠂ ᠴᠠᠭ ᠲᠤᠬᠠᠢ ᠳᠤᠨᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠭᠰᠠᠨ ᠦᠭᠡᠢ᠂ ᠳᠥᠭᠦᠮ ᠵᠠᠮ ᠡᠪᠳᠡᠷᠡᠭᠰᠡᠨ᠂ ᠵᠡᠭᠡᠯᠢ ᠭᠤᠳᠤᠮᠵᠢ ᠵᠢᠵᠢᠭ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠣᠯᠠᠨ ᠨᠡᠶᠢᠲᠡ ᠶᠢᠨ ᠵᠣᠷᠯᠣᠩ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠬᠦᠷᠦᠭᠰᠡᠨ ᠦᠭᠡᠢ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠬᠠᠩᠭᠠᠯᠭ᠎ᠠ ᠨᠢᠭᠡ ᠦᠢᠯᠡᠰ︾ ᠪᠠ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ︽ᠡᠷᠬᠢᠨ ᠬᠠᠷᠠᠬᠤ︾᠂ ︽ᠡᠭᠦᠳᠡᠨ ᠡᠮᠦᠨ᠎ᠡ ᠠᠷᠤ ᠬᠤᠶᠢᠨ᠎ᠠ ᠭᠤᠷᠪᠠ ᠶᠢ ᠳᠠᠭᠠᠭᠠᠴᠢᠯᠠᠬᠤ︾᠂ ᠲᠣᠣᠷᠵᠢᠭᠤᠯᠤᠭᠰᠠᠨ ᠬᠠᠮᠢᠶᠠᠷᠤᠯᠲᠠ᠂ ︽ᠵᠡᠭᠡᠯᠢ ᠶᠢᠨ ᠳᠠᠷᠤᠭ᠎ᠠ ᠶᠢᠨ ᠳᠦᠷᠢᠮ︾ ᠵᠡᠷᠭᠡ ᠠᠵᠢᠯ ᠢ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮ ᠳᠤ ᠣᠷᠭᠠᠨᠢᠭ ᠢᠶᠠᠷ ᠠᠭᠤᠰᠤᠯᠴᠠᠭᠤᠯᠵᠤ᠂ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠲᠦᠷᠦᠯ ᠵᠦᠢᠯ ᠢ ᠬᠦᠴᠦᠷᠬᠡᠭᠵᠢᠭᠦᠯᠵᠦ᠂ ᠲᠡᠰ ᠳᠡᠪᠰᠢᠭᠦᠯᠬᠦ ᠶᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠵᠤ᠂ ᠬᠤᠲᠠ ᠶᠢᠨ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号