1—7 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/8/21
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠡᠯᠡ ᠣᠷᠣᠭᠤᠯᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠬᠦᠷᠢᠶᠡᠨ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠳᠡᠭᠡᠭᠰᠢᠯᠡᠪᠡ᠃ 1—7 ᠳ᠋ᠤᠭᠠᠷ ᠰᠠᠷ᠎ᠠ ᠳᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.1% ᠪᠠᠷ ᠨᠡᠮᠡᠭᠳᠡᠵᠦ᠂ 1—6 ᠰᠠᠷ᠎ᠠ ᠶᠢᠨ ᠬᠢ ᠠᠴᠠ 3.5 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 11 ᠵᠠᠭᠤᠨ ᠤ ᠨᠢᠭᠡᠴᠢ ᠳᠠᠶᠢᠴᠢᠯᠠᠪᠠ᠃ ᠭᠤᠣᠯᠳᠠᠭᠤ ᠬᠤᠳᠠᠯᠳᠤᠭᠠᠨ ᠤ ᠶᠠᠪᠤᠳᠠᠯ ᠪᠠ ᠲᠦᠷᠢᠶᠡᠰᠦᠯᠡᠯ ᠤᠨ ᠦᠢᠯᠡᠴᠢᠯᠡᠭᠡ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠲᠦᠷᠭᠡᠨ ᠪᠦᠲᠦᠭᠡᠨ ᠪᠠᠶᠢᠭᠤᠯᠤᠯᠲᠠ ᠶᠢ ᠬᠦᠯᠢᠶᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠲᠦᠷᠭᠡᠨ ᠬᠥᠭᠵᠢᠯᠲᠡ ᠶᠢ ᠲᠠᠶᠢᠴᠢᠯᠠᠪᠠ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 40.9% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5% ᠵᠠᠭᠤᠨ ᠤ ᠨᠢᠭᠡᠴᠢ ᠳᠡᠭᠡᠭᠰᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号