ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠸᠴᠢᠷ ᠱᠤᠭᠤᠮ ᠤᠨ ᠦᠢᠯᠡᠳᠪᠦᠷᠢᠯᠡᠯ ᠤᠨ ᠲᠦᠷᠦᠯ ᠵᠦᠢᠯ ᠵᠠᠯᠭᠠᠪᠡᠷ ᠠᠰᠢᠭᠯᠠᠯᠲᠠ ᠳᠤ ᠣᠷᠣᠵᠤ ᠡᠬᠢᠯᠡᠪᠡ︕
ᠨᠡᠶᠢᠲᠡᠯᠡᠭᠰᠡᠨ ᠴᠠᠭ᠄
2023/8/22
      ᠲᠤᠰ ᠲᠥᠷᠥᠯ ᠵᠦᠢᠯ ᠨᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠪᠤᠭᠤᠲᠤ ᠬᠤᠲᠠ ᠶᠢᠨ ᠎ ᠶᠢᠨ ᠾᠧᠩ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠣᠲᠣ ᠶᠢᠨ ᠪᠠᠶᠢᠭ᠎ᠠ 1 ᠳ᠋ᠤᠭᠡᠷ ᠨᠣᠮᠧᠷᠲᠤ ᠦᠢᠯᠡᠳᠪᠦᠷᠢ ᠶᠢᠨ ᠪᠠᠶᠢᠰᠢᠩ ᠤᠨ 1500 ᠲᠡᠭᠰᠢ ᠳᠥᠷᠪᠡᠯᠵᠢᠨ ᠮᠧᠲᠷ ᠬᠡᠷᠡᠭᠯᠡᠨ᠂ ᠸᠴᠢᠷ ᠱᠤᠭᠤᠮ ᠤᠨ ᠦᠢᠯᠡᠳᠪᠦᠷᠢᠯᠡᠯ ᠤᠨ ᠲᠥᠷᠥᠯ ᠵᠦᠢᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ 4 ᠵᠤᠷᠪᠤᠰ ᠸᠴᠢᠷ ᠱᠤᠭᠤᠮ ᠤᠨ ᠦᠢᠯᠡᠳᠪᠦᠷᠢᠯᠡᠯ ᠤᠨ ᠱᠤᠭᠤᠮ ᠢ ᠨᠡᠮᠡᠵᠦ ᠪᠠᠶᠢᠭᠤᠯᠬᠤ ᠪᠠᠷ ᠲᠥᠯᠥᠪᠯᠡᠵᠦ ᠪᠣᠶ᠂ ᠸᠴᠢᠷ ᠱᠤᠭᠤᠮ ᠪᠣᠯ ᠨᠢᠭᠡ ᠵᠦᠢᠯ ᠤᠨ ᠬᠡᠲᠦ ᠬᠠᠲᠠᠭᠤ ᠮᠠᠲ᠋ᠧᠷᠢᠶᠠᠯ ᠤᠨ ᠱᠤᠭᠤᠮᠯᠢᠭ ᠬᠡᠷᠴᠢᠬᠦ ᠪᠠᠭᠠᠵᠢ ᠮᠥᠨ᠂ ᠭᠤᠣᠯᠳᠠᠭᠤ ᠬᠡᠷᠡᠯ ᠸᠣᠯᠲ᠂ ᠬᠠᠭᠠᠰ ᠳᠠᠮᠵᠢᠭᠤᠯᠤᠭᠴᠢ᠂ ᠪᠢᠳᠦᠷᠶ᠎ᠡ᠂ ᠰᠣᠷᠢᠨᠵᠢᠨᠲᠤ ᠮᠠᠲ᠋ᠧᠷᠢᠶᠠᠯ ᠵᠡᠷᠭᠡ ᠥᠨᠳᠥᠷ ᠥᠷᠲᠡᠭᠲᠦ ᠬᠠᠲᠠᠭᠤ ᠬᠡᠦᠷᠡᠭ ᠮᠠᠲ᠋ᠧᠷᠢᠶᠠᠯ ᠤᠨ ᠬᠡᠷᠴᠢᠯᠲᠡ ᠳᠤ ᠬᠡᠷᠡᠭᠯᠡᠵᠦ᠂ ᠬᠡᠷᠡᠯ ᠸᠣᠯᠲ ᠤᠨ ᠠᠵᠢᠯ ᠲᠥᠷᠥᠯ ᠤᠨ ︽ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠭᠤᠣᠯ ᠮᠡᠷᠭᠡᠵᠢᠯ ᠤᠨ ᠭᠤᠭᠴᠤᠭ᠎ᠠ ᠪᠣᠯᠣᠨ᠎ᠠ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ 28000 ᠲᠦᠮᠡᠨ ᠮᠧᠲᠷ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠤ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 2000 ᠲᠦᠮᠡᠨ ᠲᠥᠭᠦᠷᠢᠭ ᠪᠡᠶᠡᠯᠡᠭᠦᠯᠦᠨ᠎ᠡ᠃      ᠣᠳᠣᠬᠠᠨ ᠳᠤ᠂ ᠬᠦᠷᠢᠶᠡᠯᠡᠩ ᠲᠣᠭᠤᠷᠢᠭ ᠤᠨ ᠠᠩᠬᠠᠳᠠᠭᠴᠢ ᠸᠴᠢᠷ ᠱᠤᠭᠤᠮ ᠢ ᠨᠢᠭᠡᠨᠲᠡ 8 ᠰᠠᠷ᠎ᠠ ᠶᠢᠨ ᠡᠬᠢ ᠪᠠᠷ ᠠᠰᠢᠭᠯᠠᠯᠲᠠ ᠳᠤ ᠣᠷᠣᠭᠤᠯᠵᠤ᠂ ᠦᠢᠯᠡᠳᠬᠦᠨ ᠢ ᠭᠤᠣᠯᠳᠠᠭᠤ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠢᠨᠵᠧᠨᠧᠷᠢᠩ ᠤᠨ ᠰᠣᠷᠢᠨᠵᠢᠨ ᠴᠢᠨᠠᠷᠲᠠᠢ ᠮᠠᠲ᠋ᠧᠷᠢᠶᠠᠯ ᠢ ᠬᠡᠷᠴᠢᠬᠦ ᠵᠡᠷᠭᠡ ᠳᠤ ᠬᠡᠷᠡᠭᠯᠡᠵᠦ᠂ 9 ᠰᠠᠷ᠎ᠠ ᠶᠢᠨ ᠰᠡᠭᠦᠯᠴᠢ ᠪᠠᠷ ᠳᠠᠬᠢᠨ 3 ᠸᠴᠢᠷ ᠱᠤᠭᠤᠮ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠪᠠᠷ ᠲᠥᠯᠥᠪᠯᠡᠵᠦ ᠪᠣᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号