1 — 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠠᠰᠢᠭᠲᠠᠢ | ᠨᠥᠬᠦᠴᠡᠯ ᠪᠠ ᠢᠳᠡᠪᠬᠢ ᠬᠦᠴᠦᠨ ᠵᠦᠢᠯ ᠲᠠᠰᠤᠷᠠᠯᠲᠠ ᠦᠭᠡᠢ ᠨᠡᠮᠡᠭᠳᠡᠵᠦ᠂ ᠶᠡᠷᠦᠩᠬᠡᠢ ᠪᠠᠶᠢᠳᠠᠯ ᠲᠣᠭᠲᠠᠭᠤᠨ | ᠪᠥᠭᠡᠳ ᠰᠠᠶᠢᠵᠢᠷᠠᠪᠠ᠃ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7.5% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.8 ᠵᠠᠭᠤᠨ ᠤ ᠨᠢᠭᠡᠴᠢ | ᠲᠦᠷᠭᠡᠳᠪᠡ︔ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 25.6% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 10 ᠵᠠᠭᠤᠨ ᠤ ᠨᠢᠭᠡᠴᠢ ᠲᠦᠷᠭᠡᠳᠪᠡ︔ | ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ | 160.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠪᠡ᠃ | ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠬᠡᠮᠵᠢᠶ᠎ᠡ 51.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.9% ᠪᠠᠷ ᠨᠡᠮᠡᠭᠳᠡᠨ᠂ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ ᠠᠴᠠ 1.3 ᠵᠠᠭᠤᠨ ᠤ ᠨᠢᠭᠡᠴᠢ ᠲᠦᠷᠭᠡᠨ ᠪᠣᠯᠵᠠᠢ᠃ |