1—7 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ
ᠨᠡᠶᠢᠲᠡᠯᠡᠭᠰᠡᠨ ᠴᠠᠭ᠄
2023/8/23
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠬᠢᠨ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠤᠭᠰᠠᠨ ᠪᠠᠶᠢᠨ᠎ᠠ᠃      1—7 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ 33 ᠪᠠᠶᠢᠵᠤ᠂ ᠲᠥᠷᠥᠯ ᠵᠦᠢᠯ ᠤᠨ ᠲᠤᠭ᠎ᠠ ᠨᠢ ᠠᠳᠠᠯᠢ ᠬᠤᠭᠤᠴᠠᠭᠠᠨ ᠤ  ᠬᠢ ᠠᠴᠠ 7 ᠨᠡᠮᠡᠭᠳᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 45.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠡᠯᠡ ᠣᠷᠣᠭᠤᠯᠤᠯᠲᠠ  ᠠᠴᠠ 20.0 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 1 — 6 ᠳ᠋ᠤᠭᠠᠷ ᠰᠠᠷ᠎ᠠ ᠶᠢᠨ ᠬᠢ ᠠᠴᠠ 6.8 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠂ ︽ᠬᠤᠶᠠᠷ ᠰᠢᠨ᠎ᠡ︾ ᠠᠵᠤ ᠦᠢᠯᠡᠰ ᠤᠨ ᠲᠥᠷᠥᠯ ᠵᠦᠢᠯ 11 ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠪᠥᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 37.2% ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 46.7 ᠵᠠᠭᠤᠨ ᠤ ᠨᠢᠭᠡᠴᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号