ᠵᠢᠩ ᠤᠣ ᠭᠤᠷᠪᠠᠳᠤᠭᠠᠷ ᠬᠤᠭᠤᠴᠠᠭᠠᠨ ᠤ ᠳᠠᠩ ᠲᠡᠯᠡᠰᠲᠦ ᠵᠢᠴᠢ ᠢᠵᠢ ᠪᠦᠷᠢᠳᠦᠭᠦᠯᠬᠦ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2023/8/24
      ᠲᠣᠰ ᠲᠥᠷᠥᠯ ᠵᠦᠢᠯ ᠢ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠎ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠭᠤᠯᠤᠨ᠂ 256 ᠮᠦ ᠭᠠᠵᠠᠷ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 20 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠵᠢᠯ ᠳᠤ 10GW᠎ ᠶᠢᠨ ᠲᠠᠯᠠᠰᠲᠤ ᠲᠠᠲᠠᠬᠤ᠂ 10GW᠎ ᠶᠢᠨ ᠬᠡᠷᠴᠢᠮᠡᠯ ᠢ ᠦᠢᠯᠡᠳᠪᠦᠷᠢᠯᠡᠬᠦ ᠶᠢᠨ ᠬᠠᠮᠲᠤ ᠵᠣᠬᠢᠬᠤ ᠬᠡᠪᠴᠢᠶᠡᠨ ᠤ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠬᠠᠮᠢᠶ᠎ᠠ ᠪᠦᠬᠦᠢ ᠦᠢᠯᠡᠳᠪᠦᠷᠢᠯᠡᠯ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃      ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠲᠠᠩ ᠲᠠᠯᠠᠰᠲᠤ ᠶᠢᠨ ᠦᠢᠯᠡᠳᠪᠦᠷᠢ ᠶᠢᠨ ᠲᠠᠰᠤᠭ ᠤᠨ 640 ᠰᠠᠤᠷᠢ ᠲᠠᠩ ᠲᠠᠯᠠᠰᠲᠤ ᠶᠢᠨ ᠵᠤᠤᠬ᠎ᠠ ᠶᠢ ᠨᠢᠭᠡᠨᠲᠡ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠤᠨ ᠦᠢᠯᠡᠳᠪᠦᠷᠢ ᠶᠢᠨ  ᠪᠣᠯᠪᠠᠰᠤᠷᠠᠭᠤᠯᠬᠤ ᠬᠡᠰᠡᠭ ᠲᠤ ᠤᠯᠤᠰ ᠤᠨ ᠳᠣᠲᠣᠭᠠᠳᠤ ᠶᠢᠨ ᠲᠡᠷᠢᠭᠦᠨ ᠤ ᠲᠣᠭᠤᠷᠢᠭ ᠱᠤᠭᠤᠮ ᠤᠨ ᠲᠠᠰᠤᠯᠬᠤ ᠮᠠᠰᠢᠨ᠂ ᠬᠤᠣᠰ ᠠᠵᠢᠯ ᠤᠨ ᠪᠠᠶᠢᠷᠢ ᠶᠢᠨ ᠪᠣᠰᠤᠭ᠎ᠠ ᠳᠥᠷᠪᠡᠯᠵᠢᠨ ᠨᠡᠭᠡᠭᠡᠬᠦ ᠮᠠᠰᠢᠨ᠂ ᠪᠦᠷᠢᠨ ᠠᠦ᠋ᠲ᠋ᠣ᠋ ᠦᠷᠦᠵᠦ ᠤᠨᠠᠭᠠᠬᠤ ᠨᠢᠭᠡ ᠴᠣᠭᠴᠠᠲᠤ ᠮᠠᠰᠢᠨ ᠵᠡᠷᠭᠡ 120 ᠰᠠᠤᠷᠢ ᠲᠥᠬᠦᠭᠡᠷᠦᠮᠵᠢ ᠶᠢ ᠲᠣᠬᠢᠷᠠᠭᠤᠯᠵᠤ᠂ ᠨᠢᠭᠡᠨᠲᠡ ᠪᠦᠬᠦᠨ ᠢ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠦᠢᠯᠡᠳᠪᠦᠷᠢ ᠶᠢᠨ ᠬᠡᠷᠴᠢᠭᠦᠷ ᠤᠨ ᠭᠤᠣᠯ ᠲᠥᠬᠦᠭᠡᠷᠦᠮᠵᠢ ᠨᠢ ᠬᠡᠷᠴᠢᠭᠦᠷ ᠤᠨ ᠮᠠᠰᠢᠨ ᠨᠡᠶᠢᠳᠡ 105 ᠰᠠᠤᠷᠢ᠂ ᠡᠭᠦᠨ ᠳᠤ 33 ᠰᠠᠤᠷᠢ ᠬᠡᠷᠴᠢᠭᠦᠷ ᠢ ᠨᠢᠭᠡᠨᠲᠡ ᠤᠭᠰᠠᠷᠠᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠲᠠᠯᠠᠪᠠᠢ ᠳᠤ ᠣᠷᠣᠬᠤ 10 ᠰᠠᠤᠷᠢ ᠲᠥᠬᠦᠭᠡᠷᠦᠮᠵᠢ ᠶᠢ ᠣᠷᠣᠨ ᠲᠣᠭᠲᠠᠭᠠᠨ ᠤᠭᠰᠠᠷᠠᠵᠤ ᠡᠬᠢᠯᠡᠵᠡᠢ᠃ 10 ᠰᠠᠷ᠎ᠠ ᠳᠤ ᠪᠦᠬᠦᠨ ᠢ ᠠᠰᠢᠭᠯᠠᠯᠲᠠ ᠳᠤ ᠣᠷᠣᠭᠤᠯᠬᠤ ᠪᠠᠷ ᠲᠦᠯᠦᠪᠯᠡᠵᠦ᠂ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 60 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ 2.5 ᠳ᠋ᠦᠩᠰᠢᠭᠤᠷ ᠲᠥᠭᠦᠷᠢᠭ ᠲᠤ ᠬᠦᠷᠴᠦ᠂ 2500 ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号