ᠲᠣᠰ ᠲᠥᠷᠥᠯ ᠵᠦᠢᠯ ᠢ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠭᠤᠯᠤᠨ᠂ 256 | ᠮᠦ ᠭᠠᠵᠠᠷ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 20 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠴᠡᠢ᠃ ᠵᠢᠯ ᠳᠤ 10GW ᠶᠢᠨ ᠲᠠᠯᠠᠰᠲᠤ ᠲᠠᠲᠠᠬᠤ᠂ 10GW ᠶᠢᠨ ᠬᠡᠷᠴᠢᠮᠡᠯ ᠢ ᠦᠢᠯᠡᠳᠪᠦᠷᠢᠯᠡᠬᠦ ᠶᠢᠨ | ᠬᠠᠮᠲᠤ ᠵᠣᠬᠢᠬᠤ ᠬᠡᠪᠴᠢᠶᠡᠨ ᠤ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠬᠠᠮᠢᠶ᠎ᠠ ᠪᠦᠬᠦᠢ | ᠦᠢᠯᠡᠳᠪᠦᠷᠢᠯᠡᠯ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠲᠠᠩ ᠲᠠᠯᠠᠰᠲᠤ ᠶᠢᠨ ᠦᠢᠯᠡᠳᠪᠦᠷᠢ ᠶᠢᠨ ᠲᠠᠰᠤᠭ ᠤᠨ 640 | ᠰᠠᠤᠷᠢ ᠲᠠᠩ ᠲᠠᠯᠠᠰᠲᠤ ᠶᠢᠨ ᠵᠤᠤᠬ᠎ᠠ ᠶᠢ ᠨᠢᠭᠡᠨᠲᠡ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠤᠨ | ᠦᠢᠯᠡᠳᠪᠦᠷᠢ ᠶᠢᠨ ᠪᠣᠯᠪᠠᠰᠤᠷᠠᠭᠤᠯᠬᠤ ᠬᠡᠰᠡᠭ ᠲᠤ ᠤᠯᠤᠰ ᠤᠨ ᠳᠣᠲᠣᠭᠠᠳᠤ ᠶᠢᠨ ᠲᠡᠷᠢᠭᠦᠨ ᠤ ᠲᠣᠭᠤᠷᠢᠭ | ᠱᠤᠭᠤᠮ ᠤᠨ ᠲᠠᠰᠤᠯᠬᠤ ᠮᠠᠰᠢᠨ᠂ ᠬᠤᠣᠰ ᠠᠵᠢᠯ ᠤᠨ ᠪᠠᠶᠢᠷᠢ ᠶᠢᠨ ᠪᠣᠰᠤᠭ᠎ᠠ ᠳᠥᠷᠪᠡᠯᠵᠢᠨ ᠨᠡᠭᠡᠭᠡᠬᠦ ᠮᠠᠰᠢᠨ᠂ | ᠪᠦᠷᠢᠨ ᠠᠦ᠋ᠲ᠋ᠣ᠋ ᠦᠷᠦᠵᠦ ᠤᠨᠠᠭᠠᠬᠤ ᠨᠢᠭᠡ ᠴᠣᠭᠴᠠᠲᠤ ᠮᠠᠰᠢᠨ ᠵᠡᠷᠭᠡ 120 ᠰᠠᠤᠷᠢ ᠲᠥᠬᠦᠭᠡᠷᠦᠮᠵᠢ ᠶᠢ | ᠲᠣᠬᠢᠷᠠᠭᠤᠯᠵᠤ᠂ ᠨᠢᠭᠡᠨᠲᠡ ᠪᠦᠬᠦᠨ ᠢ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠦᠢᠯᠡᠳᠪᠦᠷᠢ ᠶᠢᠨ ᠬᠡᠷᠴᠢᠭᠦᠷ ᠤᠨ | ᠭᠤᠣᠯ ᠲᠥᠬᠦᠭᠡᠷᠦᠮᠵᠢ ᠨᠢ ᠬᠡᠷᠴᠢᠭᠦᠷ ᠤᠨ ᠮᠠᠰᠢᠨ ᠨᠡᠶᠢᠳᠡ 105 ᠰᠠᠤᠷᠢ᠂ ᠡᠭᠦᠨ ᠳᠤ 33 ᠰᠠᠤᠷᠢ ᠬᠡᠷᠴᠢᠭᠦᠷ ᠢ | ᠨᠢᠭᠡᠨᠲᠡ ᠤᠭᠰᠠᠷᠠᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠲᠠᠯᠠᠪᠠᠢ ᠳᠤ ᠣᠷᠣᠬᠤ 10 | ᠰᠠᠤᠷᠢ ᠲᠥᠬᠦᠭᠡᠷᠦᠮᠵᠢ ᠶᠢ ᠣᠷᠣᠨ ᠲᠣᠭᠲᠠᠭᠠᠨ ᠤᠭᠰᠠᠷᠠᠵᠤ ᠡᠬᠢᠯᠡᠵᠡᠢ᠃ 10 ᠰᠠᠷ᠎ᠠ ᠳᠤ ᠪᠦᠬᠦᠨ ᠢ | ᠠᠰᠢᠭᠯᠠᠯᠲᠠ ᠳᠤ ᠣᠷᠣᠭᠤᠯᠬᠤ ᠪᠠᠷ ᠲᠦᠯᠦᠪᠯᠡᠵᠦ᠂ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 60 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠭᠠᠶᠢᠯᠢ ᠶᠢᠨ ᠣᠷᠣᠯᠭ᠎ᠠ 2.5 ᠳ᠋ᠦᠩᠰᠢᠭᠤᠷ ᠲᠥᠭᠦᠷᠢᠭ ᠲᠤ ᠬᠦᠷᠴᠦ᠂ 2500 ᠭᠠᠷᠤᠢ ᠬᠥᠮᠥᠨ ᠤ ᠠᠵᠢᠯ | ᠣᠯᠭᠤᠯᠲᠠ ᠶᠢ ᠰᠢᠢᠳᠪᠦᠷᠢᠯᠡᠨ᠎ᠡ᠃ |