ᠸᠠᠨ ᠺᠧ ᠰᠠᠭᠤᠭᠳᠠᠯ ᠤᠨ ᠬᠤᠲᠠ ᠶᠢᠨ ᠬᠤᠳᠠᠯᠳᠤᠭᠠᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2023/8/25
      ᠲᠣᠰ ᠲᠥᠷᠥᠯ ᠵᠦᠢᠯ ᠨᠢ ᠰᠣᠶᠣᠯ ᠵᠠᠮ ᠪᠠ ᠴᠢᠩᠱᠠᠨ ᠵᠠᠮ ᠤᠨ ᠠᠭᠤᠯᠵᠠᠷ ᠤᠨ ᠪᠠᠷᠠᠭᠤᠨ ᠡᠮᠦᠨ᠎ᠡ ᠥᠨᠴᠥᠭ ᠲᠤ ᠪᠠᠶᠢᠷᠢᠯᠠᠵᠤ᠂ 107 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 11.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠰᠢᠨ᠎ᠡ ᠪᠠᠷ ᠪᠠᠶᠢᠭᠤᠯᠤᠭᠰᠠᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 1 ᠰᠠᠭᠤᠷᠢ᠂ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ 6 ᠰᠠᠭᠤᠷᠢ᠂ ᠬᠤᠳᠠᠯᠳᠤᠭᠠᠨ ᠤ ᠳᠡᠯᠭᠡᠭᠦᠷ 2 ᠰᠠᠭᠤᠷᠢ ︵ᠨᠡᠶᠢᠭᠡᠮ ᠲᠣᠭᠤᠷᠢᠭ ᠤᠨ ᠢᠵᠢ ᠪᠦᠷᠢᠳᠦᠭᠦᠯᠬᠦ ᠭᠡᠷ ᠪᠠᠶᠢᠰᠢᠩ ᠪᠠᠭᠲᠠᠨ᠎ᠠ︶᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ 1᠂ ᠲᠡᠷᠭᠡᠨ ᠵᠣᠭᠰᠣᠭᠠᠯ 2000 ᠪᠣᠶ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠬᠥᠮᠥᠰ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ᠂ ᠬᠠᠮ ᠬᠡᠯᠪᠡᠷᠢ ᠶᠢᠨ ᠬᠡᠷᠡᠭᠯᠡᠭᠡᠨ ᠤ ᠬᠦᠰᠡᠯ ᠱᠠᠭᠠᠷᠳᠠᠯᠭ᠎ᠠ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠠᠩᠭᠠᠵᠤ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠵᠤ᠂ ᠬᠡᠷᠡᠭᠯᠡᠭᠴᠢᠳ ᠤᠨ ᠴᠠᠭ ᠢ ᠠᠷᠪᠢᠯᠠᠬᠤ ᠶᠢᠨ ᠬᠠᠮᠲᠤ ᠭᠠᠵᠠᠷ ᠳᠡᠭᠡᠷᠡᠬᠢ ᠣᠷᠴᠢᠨ ᠲᠣᠭᠤᠷᠢᠨ ᠢ ᠭᠤᠶᠣᠯᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃      ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠪᠦᠬᠦᠶᠢᠯᠡ ᠪᠠᠷᠢᠯᠭ᠎ᠠ ᠶᠢᠨ ᠠᠵᠢᠯ ᠨᠢᠭᠡᠨᠲᠡ ᠳᠠᠭᠤᠰᠴᠤ᠂ ᠪᠥᠬᠦ ᠦᠵᠡᠮᠵᠢ ᠶᠢᠨ ᠰᠢᠯ ᠬᠡᠷᠡᠮ ᠤᠨ ᠪᠦᠲᠦᠭᠡᠨ ᠪᠠᠶᠢᠭᠤᠯᠤᠯᠲᠠ ᠶᠢ ᠤᠳᠠᠯ ᠦᠭᠡᠢ ᠳᠠᠭᠤᠰᠬᠠᠵᠤ᠂ ᠲᠤᠬᠠᠢ ᠶᠢᠨ ᠲᠠᠯᠠᠪᠤᠷ ᠤᠨ ᠶᠠᠰᠤ ᠴᠢᠨᠠᠷ ᠢ ᠴᠡᠭᠴᠡᠯᠡᠨ ᠰᠠᠶᠢᠵᠢᠷᠠᠭᠤᠯᠬᠤ ᠠᠵᠢᠯ ᠢ ᠶᠠᠭ ᠲᠦᠯᠬᠢᠨ ᠠᠬᠢᠭᠤᠯᠵᠤ᠂ ᠬᠤᠳᠠᠯᠳᠤᠭᠠᠴᠢᠨ ᠡᠷᠦᠬᠡ ᠴᠦ ᠭᠠᠯ ᠤᠨᠲᠠᠷᠠᠭᠠᠬᠤ ᠰᠢᠯᠭᠠᠨ ᠪᠠᠶᠢᠴᠠᠭᠠᠯᠲᠠ ᠶᠢᠨ ᠳᠠᠷᠠᠭ᠎ᠠ ᠵᠠᠯᠭᠠᠭ᠎ᠠ ᠪᠠᠷ ᠲᠠᠯᠠᠪᠠᠶ ᠳᠤ ᠣᠷᠣᠵᠤ᠂ ᠢᠵᠢ ᠪᠦᠷᠢᠳᠦᠭᠦᠯᠬᠦ ᠪᠠᠷᠢᠯᠭ᠎ᠠ ᠶᠢ ᠶᠠᠭ ᠲᠦᠯᠬᠢᠨ ᠠᠬᠢᠭᠤᠯᠵᠤ᠂ ᠰᠢᠷᠣᠢ ᠶᠢᠨ ᠪᠠᠷᠢᠯᠭ᠎ᠠ᠂ ᠮᠠᠰᠢᠨ ᠴᠠᠬᠢᠯᠭᠠᠨ᠂ ᠴᠡᠴᠡᠷᠯᠢᠭ ᠤᠨ ᠡᠯ᠎ᠡ ᠬᠡᠰᠡᠭ ᠢ ᠶᠠᠭ ᠡᠬᠢᠯᠡᠨ ᠪᠠᠶᠢᠭᠤᠯᠵᠤ᠂ ᠳᠥᠷᠪᠡᠳᠦᠭᠡᠷ ᠤᠯᠠᠷᠢᠯ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号