ᠲᠣᠰ ᠲᠥᠷᠥᠯ ᠵᠦᠢᠯ ᠨᠢ ᠰᠣᠶᠣᠯ ᠵᠠᠮ ᠪᠠ ᠴᠢᠩᠱᠠᠨ ᠵᠠᠮ ᠤᠨ ᠠᠭᠤᠯᠵᠠᠷ ᠤᠨ ᠪᠠᠷᠠᠭᠤᠨ ᠡᠮᠦᠨ᠎ᠡ | ᠥᠨᠴᠥᠭ ᠲᠤ ᠪᠠᠶᠢᠷᠢᠯᠠᠵᠤ᠂ 107 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 11.4 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠡᠢ᠃ ᠰᠢᠨ᠎ᠡ ᠪᠠᠷ ᠪᠠᠶᠢᠭᠤᠯᠤᠭᠰᠠᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 1 | ᠰᠠᠭᠤᠷᠢ᠂ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ 6 ᠰᠠᠭᠤᠷᠢ᠂ ᠬᠤᠳᠠᠯᠳᠤᠭᠠᠨ ᠤ ᠳᠡᠯᠭᠡᠭᠦᠷ 2 ᠰᠠᠭᠤᠷᠢ | ︵ᠨᠡᠶᠢᠭᠡᠮ ᠲᠣᠭᠤᠷᠢᠭ ᠤᠨ ᠢᠵᠢ ᠪᠦᠷᠢᠳᠦᠭᠦᠯᠬᠦ ᠭᠡᠷ ᠪᠠᠶᠢᠰᠢᠩ ᠪᠠᠭᠲᠠᠨ᠎ᠠ︶᠂ ᠬᠤᠭ ᠨᠣᠪᠰᠢ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ 1᠂ ᠲᠡᠷᠭᠡᠨ ᠵᠣᠭᠰᠣᠭᠠᠯ 2000 ᠪᠣᠶ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ ᠬᠥᠮᠥᠰ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ᠂ ᠬᠠᠮ ᠬᠡᠯᠪᠡᠷᠢ ᠶᠢᠨ ᠬᠡᠷᠡᠭᠯᠡᠭᠡᠨ ᠤ | ᠬᠦᠰᠡᠯ ᠱᠠᠭᠠᠷᠳᠠᠯᠭ᠎ᠠ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠠᠩᠭᠠᠵᠤ᠂ ᠲᠠᠭᠠᠯᠠᠮᠵᠢᠲᠠᠢ ᠣᠷᠣᠨ ᠰᠠᠭᠤᠴᠠ ᠶᠢᠨ | ᠣᠷᠴᠢᠨ ᠲᠣᠭᠤᠷᠢᠨ ᠪᠠ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠵᠤ᠂ ᠬᠡᠷᠡᠭᠯᠡᠭᠴᠢᠳ ᠤᠨ | ᠴᠠᠭ ᠢ ᠠᠷᠪᠢᠯᠠᠬᠤ ᠶᠢᠨ ᠬᠠᠮᠲᠤ ᠭᠠᠵᠠᠷ ᠳᠡᠭᠡᠷᠡᠬᠢ ᠣᠷᠴᠢᠨ ᠲᠣᠭᠤᠷᠢᠨ ᠢ ᠭᠤᠶᠣᠯᠠᠵᠤ᠂ ᠡᠷᠬᠢᠨ ᠲᠣᠭᠤᠷᠢᠨ ᠤ | ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃ | ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠪᠦᠬᠦᠶᠢᠯᠡ ᠪᠠᠷᠢᠯᠭ᠎ᠠ ᠶᠢᠨ ᠠᠵᠢᠯ ᠨᠢᠭᠡᠨᠲᠡ ᠳᠠᠭᠤᠰᠴᠤ᠂ ᠪᠥᠬᠦ | ᠦᠵᠡᠮᠵᠢ ᠶᠢᠨ ᠰᠢᠯ ᠬᠡᠷᠡᠮ ᠤᠨ ᠪᠦᠲᠦᠭᠡᠨ ᠪᠠᠶᠢᠭᠤᠯᠤᠯᠲᠠ ᠶᠢ ᠤᠳᠠᠯ ᠦᠭᠡᠢ ᠳᠠᠭᠤᠰᠬᠠᠵᠤ᠂ ᠲᠤᠬᠠᠢ ᠶᠢᠨ | ᠲᠠᠯᠠᠪᠤᠷ ᠤᠨ ᠶᠠᠰᠤ ᠴᠢᠨᠠᠷ ᠢ ᠴᠡᠭᠴᠡᠯᠡᠨ ᠰᠠᠶᠢᠵᠢᠷᠠᠭᠤᠯᠬᠤ ᠠᠵᠢᠯ ᠢ ᠶᠠᠭ ᠲᠦᠯᠬᠢᠨ ᠠᠬᠢᠭᠤᠯᠵᠤ᠂ ᠬᠤᠳᠠᠯᠳᠤᠭᠠᠴᠢᠨ | ᠡᠷᠦᠬᠡ ᠴᠦ ᠭᠠᠯ ᠤᠨᠲᠠᠷᠠᠭᠠᠬᠤ ᠰᠢᠯᠭᠠᠨ ᠪᠠᠶᠢᠴᠠᠭᠠᠯᠲᠠ ᠶᠢᠨ ᠳᠠᠷᠠᠭ᠎ᠠ ᠵᠠᠯᠭᠠᠭ᠎ᠠ ᠪᠠᠷ ᠲᠠᠯᠠᠪᠠᠶ ᠳᠤ ᠣᠷᠣᠵᠤ᠂ ᠢᠵᠢ | ᠪᠦᠷᠢᠳᠦᠭᠦᠯᠬᠦ ᠪᠠᠷᠢᠯᠭ᠎ᠠ ᠶᠢ ᠶᠠᠭ ᠲᠦᠯᠬᠢᠨ ᠠᠬᠢᠭᠤᠯᠵᠤ᠂ ᠰᠢᠷᠣᠢ ᠶᠢᠨ ᠪᠠᠷᠢᠯᠭ᠎ᠠ᠂ ᠮᠠᠰᠢᠨ ᠴᠠᠬᠢᠯᠭᠠᠨ᠂ | ᠴᠡᠴᠡᠷᠯᠢᠭ ᠤᠨ ᠡᠯ᠎ᠡ ᠬᠡᠰᠡᠭ ᠢ ᠶᠠᠭ ᠡᠬᠢᠯᠡᠨ ᠪᠠᠶᠢᠭᠤᠯᠵᠤ᠂ ᠳᠥᠷᠪᠡᠳᠦᠭᠡᠷ ᠤᠯᠠᠷᠢᠯ ᠳᠤ ᠵᠢᠩᠬᠢᠨᠢ ᠪᠠᠷ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ |