ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠮᠠᠯ ᠤᠨ ᠲᠠᠯᠠᠪᠠᠶ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/28
      ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠶᠢ ᠲᠣᠭᠲᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠣᠶᠢᠷ᠎ᠠ ᠳᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠣᠯᠭᠤᠬᠤ ᠠᠴᠠ ᠡᠮᠦᠨᠡᠬᠢ ᠬᠠᠮᠤᠭ ᠡᠴᠦᠰ ᠤᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃      ︽ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ   ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ    ᠪᠤᠭᠤᠲᠤ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 2023 ᠣᠨ ᠤ ᠡᠷᠳᠡᠨᠢ ᠰᠢᠰᠢ ᠪᠠ ᠲᠥᠮᠥᠰᠥ ᠦᠢᠯᠡᠳᠪᠦᠷᠢᠯᠡᠭᠴᠢᠳ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠪᠠᠶᠢᠴᠠᠭᠠᠯᠲᠠ ᠶᠢᠨ ᠠᠩᠭᠢ ᠵᠢᠴᠢ ᠬᠤᠶᠠᠷ ᠪᠠᠯᠭᠠᠰᠤᠨ ᠤ ᠬᠠᠮᠢᠶ᠎ᠠ ᠪᠦᠬᠦᠢ ᠠᠵᠢᠯᠲᠠᠨ ᠲᠠᠢ ᠬᠠᠮᠲᠤᠷᠠᠨ ᠬᠠᠮᠲᠤ ᠪᠠᠷ ᠨᠥᠬᠦᠪᠦᠷᠢ ᠣᠯᠭᠤᠬᠤ ᠪᠠᠷ ᠮᠡᠳᠡᠭᠦᠯᠦᠭᠰᠡᠨ᠂ ᠳᠡᠪᠲᠡᠷᠯᠡᠭᠰᠡᠨ᠂ ᠬᠠᠷᠭᠤᠭᠤᠯᠤᠭᠰᠠᠨ᠂ ᠵᠠᠷᠯᠠᠨ ᠨᠡᠶᠢᠲᠡᠯᠡᠭᠰᠡᠨ ᠪᠠᠶᠢᠳᠠᠯ ᠵᠢᠴᠢ ᠭᠤᠷᠪᠠᠨ ᠳᠡᠰ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠬᠢᠨᠠᠨ ᠪᠠᠶᠢᠴᠠᠭᠠᠪᠠ᠃ 8 ᠰᠠᠷ᠎ᠠ ᠶᠢᠨ 22 ᠤᠨ ᠡᠳᠦᠷ ᠠᠴᠠ 8 ᠰᠠᠷ᠎ᠠ ᠶᠢᠨ 26 ᠤ ᠡᠳᠦᠷ ᠪᠣᠯᠲᠠᠯ᠎ᠠ ᠬᠤᠶᠠᠷ ᠪᠠᠯᠭᠠᠰᠤᠨ ᠳᠤ ᠬᠦᠷᠴᠦ ᠲᠠᠷᠢᠮᠠᠯ ᠤᠨ ᠲᠠᠯᠠᠪᠠᠶ ᠶᠢ ᠬᠢᠨᠠᠨ ᠪᠠᠶᠢᠴᠠᠭᠠᠵᠤ᠂ 2023 ᠣᠨ ᠤ ᠴᠢᠩᠱᠠᠨ ᠲᠣᠭᠤᠷᠢᠭ ᠤᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠣᠯᠭᠤᠬᠤ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠦᠨᠡᠨ ᠪᠣᠳᠠᠲᠠᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号