8 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠦᠷᠢᠶᠡᠯᠡᠩ | ᠲᠣᠭᠤᠷᠢᠭ ᠤᠨ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ | ᠳ᠋ᠢᠩ ᠺᠠᠢ ᠨᠠᠷ ᠤᠷᠢᠳ ᠬᠤᠵᠢᠳ ᠵᠢᠩ ᠤᠣ 5GW ᠲᠣᠨᠣᠭᠯᠠᠯ᠂ ᠬᠤᠩ ᠶᠤᠸᠠᠨ 40GW ᠲᠠᠩ | ᠲᠡᠯᠡᠰᠲᠦ ᠵᠢᠴᠢ ᠢᠵᠢ ᠪᠦᠷᠢᠳᠦᠭᠦᠯᠬᠦ ᠲᠦᠷᠦᠯ ᠵᠦᠢᠯ᠂ ᠶᠣᠣ ᠶᠤᠸᠠᠨ ᠰᠢᠨ᠎ᠡ ᠮᠠᠲ᠋ᠧᠷᠢᠶᠠᠯ 16GW ᠭᠡᠷᠡᠯ | ᠴᠡᠨᠡᠭ ᠤᠨ ᠳ᠋ᠢᠶᠠᠨ ᡂᠢ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ | ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ᠂ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠤᠨ ᠬᠦᠴᠢᠷᠳᠡᠯ ᠢ ᠲᠤᠬᠠᠢ ᠶᠢᠨ ᠲᠠᠯᠠᠪᠠᠢ ᠳᠤ | ᠵᠣᠬᠢᠴᠠᠭᠤᠯᠤᠨ ᠰᠢᠢᠳᠪᠦᠷᠢᠯᠡᠪᠡ᠃ | ᠳ᠋ᠢᠩ ᠺᠠᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠨᠢ ᠪᠥᠬᠦ ᠲᠤᠭᠤᠷᠢᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠠᠵᠤ ᠠᠬᠤᠢ ᠶᠢᠨ ᠨᠡᠮᠡᠭᠳᠡᠯ ᠤᠨ | ᠰᠠᠭᠤᠷᠢ ᠲᠤᠯᠭᠠᠭᠤᠷᠢᠯᠠᠯ ᠢ ᠴᠢᠩᠭᠠᠳᠬᠠᠬᠤ᠂ ᠨᠠᠩ ᠣᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠦᠷᠭᠡᠪᠴᠢᠯᠡᠨ ᠪᠣᠶ | ᠪᠣᠯᠭᠠᠬᠤ ᠶᠢᠨ ᠬᠦᠴᠦᠲᠡᠢ ᠭᠠᠷᠳᠠᠴᠠ ᠮᠥᠨ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠣᠳᠣᠬᠠᠨ ᠤ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠴᠠᠭ ᠤᠨ ᠳᠠᠷᠠᠭᠠᠯᠠᠯ ᠤᠨ | ᠠᠬᠢᠴᠠ ᠶᠢ ᠵᠢᠭᠰᠠᠭᠠᠵᠤ᠂ ᠬᠥᠮᠥᠨ ᠤ ᠬᠦᠴᠦ ᠪᠣᠳᠠᠰ ᠤᠨ ᠬᠦᠴᠦᠨ ᠢ ᠭᠦᠢᠴᠡᠳ ᠳᠡᠭᠡᠭᠰᠢᠯᠡᠭᠦᠯᠵᠦ᠂ ᠠᠷᠭ᠎ᠠ | ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠩ ᠤᠯᠠᠨ ᠪᠣᠳᠠᠲᠤ | ᠠᠵᠢᠯ ᠤᠨ ᠬᠡᠮᠵᠢᠶ᠎ᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ | ᠦᠢᠯᠡᠴᠢᠯᠡᠵᠦ᠂ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ | ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠢ | ᠠᠰᠠᠭᠤᠳᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ | ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ | ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ ᠶᠠᠰᠤ ᠴᠢᠨᠠᠷ ᠢ ᠦᠨᠡᠨᠬᠦ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |