ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠦ᠂ ᠥᠷᠭᠡᠨ ᠣᠯᠠᠨ ᠠᠷᠠᠳ ᠲᠦᠮᠡᠨ ᠤ | ᠢᠳᠡᠭᠡᠨ ᠤ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠳᠠᠯᠭ᠎ᠠ ᠲᠠᠢ ᠦᠢᠯᠡᠳᠪᠦᠷᠢᠯᠡᠯ ᠤᠨ ᠠᠵᠤ | ᠠᠬᠤᠶᠢᠯᠠᠯ ᠳᠤ ︽ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠬᠢᠬᠦ ᠶᠢᠨ ᠬᠠᠮᠲᠤ ᠢᠳᠡᠭᠡᠨ ᠤ ᠵᠦᠢᠯ ᠤᠨ | ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ ᠤᠨ ᠭᠠᠵᠠᠷ ᠲᠤ ᠲᠠᠰᠢᠷᠠᠮ ᠤᠨ ᠭᠡᠨᠡᠳᠲᠡ ᠶᠢᠨ ᠪᠠᠶᠢᠴᠠᠭᠠᠯᠲᠠ ᠬᠢᠪᠡ᠃ | ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠤᠨ | ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠬᠥᠮᠥᠷᠭᠡ᠂ ᠦᠢᠯᠡᠳᠪᠦᠷᠢᠯᠡᠯ ᠤᠨ ᠲᠠᠰᠤᠭ᠂ ᠪᠣᠭᠤᠳᠠᠯᠯᠠᠬᠤ | ᠲᠠᠰᠤᠭ᠂ ᠪᠦᠲᠦᠭᠡᠭᠳᠡᠬᠦᠨ ᠤ ᠬᠥᠮᠥᠷᠭᠡ ᠵᠡᠷᠭᠡ ᠲᠠᠯᠠᠪᠤᠷ ᠲᠤ ᠭᠦᠨᠵᠡᠭᠡᠶᠢᠷᠡᠨ᠂ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠪᠠ ᠵᠢᠵᠢᠭ ᠦᠢᠯᠡᠳᠬᠡᠯ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠶᠠᠪᠤᠴᠠ ᠳᠠᠬᠢ ᠠᠷᠢᠭᠤᠨ | ᠴᠡᠪᠡᠷ ᠤᠨ ᠪᠠᠶᠢᠳᠠᠯ᠂ ᠢᠳᠡᠭᠡᠨ ᠤ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠵᠢᠴᠢ ᠪᠣᠭᠤᠳᠠᠯᠯᠠᠬᠤ | ᠮᠠᠲ᠋ᠧᠷᠢᠶᠠᠯ ᠢ ᠣᠷᠣᠭᠤᠯᠵᠤ ᠬᠤᠳᠠᠯᠳᠤᠨ ᠠᠪᠬᠤ ᠠᠷᠭ᠎ᠠ ᠮᠠᠶ᠋ᠢᠭ᠂ ᠭᠡᠷᠡᠴᠢ ᠪᠠᠷᠢᠮᠲᠠ᠂ ᠡᠬᠡ ᠳᠠᠩᠰᠠ ᠶᠢᠨ | ᠲᠡᠮᠳᠡᠭᠯᠡᠯ ᠢ ᠭᠤᠣᠯᠳᠠᠯᠭ᠎ᠠ ᠲᠠᠢ ᠪᠠᠷ ᠪᠠᠶᠢᠴᠠᠭᠠᠵᠠᠢ︔ ᠲᠤᠬᠠᠢ ᠶᠢᠨ ᠲᠠᠯᠠᠪᠠᠶ ᠳᠤ ᠦᠢᠯᠡᠳᠪᠦᠷᠢᠯᠡᠯ ᠤᠨ ᠠᠵᠤ | ᠠᠬᠤᠶᠢᠯᠠᠯ ᠤᠨ ᠬᠠᠮᠢᠶ᠎ᠠ ᠪᠦᠬᠦᠢ ᠬᠢᠷᠢ ᠬᠡᠮ᠂ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠬᠢᠷᠢ | ᠲᠡᠩᠴᠡᠭᠰᠡᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠵᠡᠷᠭᠡ ᠶᠢ ᠪᠠᠶᠢᠴᠠᠭᠠᠨ ᠰᠢᠯᠭᠠᠪᠠ︔ ᠪᠡᠯᠡᠳᠬᠡᠮᠵᠢ | ᠲᠥᠬᠦᠭᠡᠷᠦᠮᠵᠢ ᠶᠢᠨ ᠨᠡᠮᠡᠭᠳᠡᠯ ᠬᠠᠰᠤᠭᠳᠠᠯ ᠳᠤ ᠮᠡᠳᠡᠭᠦᠯᠦᠨ ᠳᠠᠩᠰᠠᠯᠠᠭᠤᠯᠤᠭᠰᠠᠨ ᠡᠰᠡᠬᠦ᠂ ᠢᠳᠡᠭᠡᠨ ᠦᠢᠯᠡᠳᠪᠦᠷᠢᠯᠡᠬᠦ | ᠠᠵᠤ ᠠᠬᠤᠶᠢᠯᠠᠯ ᠤᠨ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠶᠢᠨ ᠲᠡᠮᠳᠡᠭᠯᠡᠯ ᠨᠢ ᠵᠢᠷᠤᠮᠵᠢᠯ ᠲᠠᠢ | ᠡᠰᠡᠬᠦ᠂ ᠢᠳᠡᠭᠡᠨ ᠤ ᠪᠣᠭᠤᠳᠠᠯ ᠤᠨ ᠱᠣᠰᠢᠭ᠎ᠠ ᠲᠡᠮᠳᠡᠭ ᠨᠢ ᠪᠦᠷᠢᠨ ᠭᠦᠢᠴᠡᠳ ᠡᠰᠡᠬᠦ᠂ ᠢᠳᠡᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ ᠵᠡᠷᠭᠡ ᠭᠤᠭᠴᠤᠭ᠎ᠠ ᠶᠢᠨ ᠵᠢᠷᠤᠮᠵᠢᠯ ᠲᠠᠢ ᠡᠰᠡᠬᠦ ᠶᠢ ᠪᠥᠬᠦ ᠲᠠᠯ᠎ᠠ ᠪᠠᠷ | ᠪᠠᠶᠢᠴᠠᠭᠠᠪᠠ᠃ | ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠡᠬᠡ ᠳᠠᠩᠰᠠ ᠪᠦᠷᠢᠨ | ᠪᠤᠰᠤ᠂ ᠦᠢᠯᠡᠳᠪᠦᠷᠢᠯᠡᠯ ᠤᠨ ᠶᠠᠪᠤᠴᠠ ᠳᠤ ᠵᠢᠷᠤᠮᠵᠢᠯ ᠦᠭᠡᠢ ᠠᠵᠢᠯᠯᠠᠭ᠎ᠠ ᠣᠷᠣᠰᠢᠵᠤ ᠪᠠᠶᠢᠬᠤ ᠵᠡᠷᠭᠡ | ᠠᠰᠠᠭᠤᠳᠠᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠠᠷᠯᠢᠭᠳᠠᠵᠤ ᠪᠠᠶᠢᠭᠠᠳ ᠳᠠᠷᠤᠶᠢᠬᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠥᠮᠥᠰ ᠲᠤ ᠢᠳᠡᠭᠡᠨ ᠤ ᠠᠮᠤᠷ | ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠦᠢᠯᠡᠳᠪᠦᠷᠢᠯᠡᠬᠦ ᠠᠵᠤ ᠠᠬᠤᠶᠢᠯᠠᠯ ᠪᠠ ᠢᠳᠡᠭᠡᠨ | ᠡᠳ᠋ᠰᠢᠭᠦᠯᠬᠦ ᠵᠢᠵᠢᠭ ᠦᠢᠯᠡᠳᠬᠡᠯ ᠤᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠦᠢᠯᠡᠳᠪᠦᠷᠢᠯᠡᠯ | ᠡᠵᠡᠩᠨᠡᠯᠲᠡ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠥᠪᠡᠷ ᠢ ᠪᠠᠨ ᠱᠠᠭᠠᠷᠳᠠᠬᠤ ᠦᠵᠡᠯ | ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠠ ᠢᠳᠡᠭᠡᠨ ᠪᠣᠯᠪᠠᠰᠤᠷᠠᠭᠤᠯᠬᠤ ᠦᠢᠯᠡᠳᠬᠡᠯ ᠳᠤ | ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠦᠢᠯᠡᠳᠪᠦᠷᠢᠯᠡᠯ ᠤᠨ | ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠦᠢᠯᠡᠳᠪᠦᠷᠢᠯᠡᠯ ᠤᠨ ᠭᠤᠭᠴᠤᠭ᠎ᠠ ᠶᠢᠨ ᠢᠳᠡᠭᠡᠨ ᠤ ᠠᠮᠤᠷ | ᠲᠦᠪᠰᠢᠨ ᠢ ᠪᠠᠲᠤᠯᠠᠵᠤ᠂ ᠠᠷᠠᠳ ᠤᠯᠠᠨ ᠢ ᠰᠠᠨᠠᠭ᠎ᠠ ᠠᠮᠤᠷ ᠢᠳᠡᠭᠦᠯᠦᠨ᠎ᠡ᠃ | |