ᠴᠢᠩᠱᠠᠨ ᠲᠣᠭᠤᠷᠢᠭ ᠤᠨ ᠨᠣᠮ ᠤᠨ ᠰᠠᠩ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠦᠵᠡᠭᠦᠯᠭᠡ ᠶᠢ ᠦᠷᠨᠢᠭᠦᠯᠪᠡ
ᠨᠡᠶᠢᠲᠡᠯᠡᠭᠰᠡᠨ ᠴᠠᠭ᠄
2023/8/3
      ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠣᠮ ᠤᠨ ᠰᠠᠩ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ︾᠎ ᠪᠠᠷ ᠭᠤᠣᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠭᠡᠷᠡᠯ ᠵᠢᠷᠤᠭ ᠤᠨ ᠦᠵᠡᠰᠬᠦᠯᠡᠩ ᠢ ᠡᠷᠬᠢᠯᠡᠵᠦ᠂ ᠮᠠᠰᠢ ᠤᠯᠠᠨ ᠤᠩᠰᠢᠭᠴᠢᠳ ᠤᠨ ᠠᠩᠬᠠᠷᠤᠯ ᠢ ᠲᠠᠲᠠᠪᠠ᠃      ᠲᠤᠰ ᠤᠳᠠᠭᠠᠨ ᠤ ᠭᠡᠷᠡᠯ ᠵᠢᠷᠤᠭ ᠤᠨ ᠦᠵᠡᠭᠦᠯᠦᠯᠭᠡ ᠨᠢ ᠤᠯᠤᠰ ᠤᠨ ᠪᠠᠲᠤᠯᠠᠨ ᠬᠠᠮᠠᠭᠠᠯᠠᠯᠲᠠ ᠎ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠲᠦᠮᠡᠨ ᠤ ᠡᠬᠡ ᠣᠷᠣᠨᠴᠢ ᠬᠠᠯᠠᠭᠤᠨ ᠰᠡᠳᠬᠢᠯᠭᠡ ᠶᠢ ᠬᠥᠭᠵᠢᠭᠡᠨ᠂ ᠠᠷᠠᠳ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠎ ᠶᠢᠨ ᠦᠵᠡᠯᠲᠡ ᠶᠢ ᠴᠢᠩᠭᠠᠷᠠᠭᠤᠯᠵᠤ᠂ ᠪᠦᠬᠦ ᠠᠷᠠᠳ ᠤᠨ ᠦᠨᠳᠦᠰᠦᠲᠡᠨ ᠤ ᠥᠪᠡᠷ ᠎ ᠢ ᠪᠠᠨ ᠬᠦᠨᠳᠦᠳᠬᠡᠬᠦ ᠰᠡᠳᠬᠢᠯᠭᠡ᠂ ᠥᠪᠡᠷ ᠎ ᠢ ᠪᠠᠨ ᠢᠲᠡᠭᠡᠬᠦ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠪᠠ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠎ ᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠠᠷᠠᠳ ᠢᠷᠭᠡᠳ ᠤᠨ ᠤᠯᠤᠰ ᠤᠨ ᠪᠠᠲᠤᠯᠠᠨ ᠬᠠᠮᠠᠭᠠᠯᠠᠯᠲᠠ ᠎ ᠶᠢᠨ ᠡᠭᠦᠷᠭᠡ ᠪᠠᠨ ᠭᠦᠢᠴᠡᠳᠬᠡᠬᠦ ᠤᠬᠠᠮᠰᠠᠷᠲᠤ ᠴᠢᠨᠠᠷ ᠎ ᠢ ᠳᠡᠭᠡᠭᠰᠢᠯᠡᠭᠦᠯᠵᠡᠢ᠃      ᠨᠣᠮ ᠤᠨ ᠰᠠᠩ ᠨᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠬᠠᠷᠢᠯᠴᠠᠨ ᠤᠶᠠᠯᠳᠤᠭᠤᠯᠵᠤ᠂ ᠠᠮᠢᠳᠤᠯᠢᠭ ᠴᠢᠨᠠᠷ᠂ ᠮᠡᠳᠡᠯᠭᠡ ᠶᠢᠨ ᠴᠢᠨᠠᠷ ᠢᠶᠠᠷ ᠤᠳᠤᠷᠢᠳᠤᠮᠵᠢ ᠪᠣᠯᠭᠠᠵᠤ᠂ ᠥᠷᠭᠡᠨ ᠤᠯᠠᠨ ᠤᠩᠰᠢᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠣᠶᠣᠯ ᠮᠡᠳᠡᠯᠭᠡ ᠡᠵᠡᠮᠰᠢᠭᠦᠯᠬᠦ ᠶᠢᠨ ᠬᠠᠮᠲᠤ ᠢᠳᠡᠪᠬᠢ ᠬᠦᠴᠦᠨ ᠢ ᠢᠳᠡᠪᠬᠢᠲᠡᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠤᠬᠠᠭᠤᠯᠤᠨ ᠦᠢᠯᠡᠳᠦᠯᠭᠡᠵᠢᠭᠦᠯᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号