ᠴᠢᠩᠱᠠᠨ ᠲᠣᠭᠤᠷᠢᠭ ᠤᠨ ᠨᠣᠮ ᠤᠨ ᠰᠠᠩ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠦᠵᠡᠭᠦᠯᠭᠡ ᠶᠢ ᠦᠷᠨᠢᠭᠦᠯᠪᠡ
ᠨᠡᠶᠢᠲᠡᠯᠡᠭᠰᠡᠨ ᠴᠠᠭ᠄
2023/8/3
      ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠣᠮ ᠤᠨ ᠰᠠᠩ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ︾ ᠪᠠᠷ ᠭᠤᠣᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠭᠡᠷᠡᠯ ᠵᠢᠷᠤᠭ ᠤᠨ ᠦᠵᠡᠰᠬᠦᠯᠡᠩ ᠢ ᠡᠷᠬᠢᠯᠡᠵᠦ᠂ ᠮᠠᠰᠢ ᠤᠯᠠᠨ ᠤᠩᠰᠢᠭᠴᠢᠳ ᠤᠨ ᠠᠩᠬᠠᠷᠤᠯ ᠢ ᠲᠠᠲᠠᠪᠠ᠃      ᠲᠤᠰ ᠤᠳᠠᠭᠠᠨ ᠤ ᠭᠡᠷᠡᠯ ᠵᠢᠷᠤᠭ ᠤᠨ ᠦᠵᠡᠭᠦᠯᠦᠯᠭᠡ ᠨᠢ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠲᠦᠮᠡᠨ ᠤ ᠡᠬᠡ ᠣᠷᠣᠨᠴᠢ ᠬᠠᠯᠠᠭᠤᠨ ᠰᠡᠳᠬᠢᠯᠭᠡ ᠶᠢ ᠬᠥᠭᠵᠢᠭᠡᠨ᠂ ᠠᠷᠠᠳ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠦᠵᠡᠯᠲᠡ ᠶᠢ ᠴᠢᠩᠭᠠᠷᠠᠭᠤᠯᠵᠤ᠂ ᠪᠦᠬᠦ ᠠᠷᠠᠳ ᠤᠨ ᠦᠨᠳᠦᠰᠦᠲᠡᠨ ᠤ ᠥᠪᠡᠷ  ᠢ ᠪᠠᠨ ᠬᠦᠨᠳᠦᠳᠬᠡᠬᠦ ᠰᠡᠳᠬᠢᠯᠭᠡ᠂ ᠥᠪᠡᠷ  ᠢ ᠪᠠᠨ ᠢᠲᠡᠭᠡᠬᠦ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠪᠠ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ  ᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠠᠷᠠᠳ ᠢᠷᠭᠡᠳ ᠤᠨ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠡᠭᠦᠷᠭᠡ ᠪᠠᠨ ᠭᠦᠢᠴᠡᠳᠬᠡᠬᠦ ᠤᠬᠠᠮᠰᠠᠷᠲᠤ ᠴᠢᠨᠠᠷ  ᠢ ᠳᠡᠭᠡᠭᠰᠢᠯᠡᠭᠦᠯᠵᠡᠢ᠃      ᠨᠣᠮ ᠤᠨ ᠰᠠᠩ ᠨᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠬᠠᠷᠢᠯᠴᠠᠨ ᠤᠶᠠᠯᠳᠤᠭᠤᠯᠵᠤ᠂ ᠠᠮᠢᠳᠤᠯᠢᠭ ᠴᠢᠨᠠᠷ᠂ ᠮᠡᠳᠡᠯᠭᠡ ᠶᠢᠨ ᠴᠢᠨᠠᠷ ᠢᠶᠠᠷ ᠤᠳᠤᠷᠢᠳᠤᠮᠵᠢ ᠪᠣᠯᠭᠠᠵᠤ᠂ ᠥᠷᠭᠡᠨ ᠤᠯᠠᠨ ᠤᠩᠰᠢᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠣᠶᠣᠯ ᠮᠡᠳᠡᠯᠭᠡ ᠡᠵᠡᠮᠰᠢᠭᠦᠯᠬᠦ ᠶᠢᠨ ᠬᠠᠮᠲᠤ ᠢᠳᠡᠪᠬᠢ ᠬᠦᠴᠦᠨ ᠢ ᠢᠳᠡᠪᠬᠢᠲᠡᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠤᠬᠠᠭᠤᠯᠤᠨ ᠦᠢᠯᠡᠳᠦᠯᠭᠡᠵᠢᠭᠦᠯᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号