ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠳᠥᠷᠪᠡᠳᠦᠭᠡᠷ ᠬᠤᠪᠢᠶᠠᠷᠢ ᠺᠣᠮᠫᠠᠨᠢ ᠦᠢᠯᠡᠳᠬᠦᠨ ᠢ ᠰᠤᠳᠤᠯᠤᠨ ᠨᠡᠭᠡᠭᠡᠬᠦ ᠪᠠᠷ ᠠᠷᠠᠳ ᠤᠨ ᠬᠡᠷᠡᠭᠯᠡᠭᠡᠨ ᠤ ᠦᠢᠯᠡᠳᠬᠦᠨ ᠤ ᠵᠠᠬ᠎ᠠ ᠳᠡᠯᠭᠡᠭᠦᠷ ᠤᠨ ᠨᠡᠭᠡᠭᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/8/4
      ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠵᠠᠬ᠎ᠠ ᠳᠡᠯᠭᠡᠭᠦᠷ ᠤᠨ ᠪᠠᠶᠢᠳᠠᠯ ᠤᠨ ᠡᠮᠦᠨ᠎ᠡ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠳᠥᠷᠪᠡᠳᠦᠭᠡᠷ ᠬᠤᠪᠢᠶᠠᠷᠢ ᠺᠣᠮᠫᠠᠨᠢ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠪᠦᠯᠦᠭᠯᠡᠯ ᠤᠨ ︽10+N︾ ᠠᠷᠠᠳ ᠤᠨ ᠬᠡᠷᠡᠭᠯᠡᠭᠡᠨ ᠤ ᠦᠢᠯᠡᠳᠬᠦᠨ ᠤ ᠠᠵᠤ ᠦᠢᠯᠡᠰ ᠤᠨ ᠪᠦᠯᠦᠭᠯᠡᠯ ᠪᠠ ᠺᠣᠮᠫᠠᠨᠢ ᠶᠢᠨ ᠠᠷᠠᠳ ᠤᠨ ᠬᠡᠷᠡᠭᠯᠡᠭᠡᠨ ᠤ ᠦᠢᠯᠡᠳᠬᠦᠨ ᠤ ︽2+7+N︾ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠭᠤᠷᠢᠨ ᠳᠤ᠂ ᠨᠢᠭᠡᠴᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠢᠯᠡᠳᠬᠦᠨ ᠢ ᠰᠤᠳᠤᠯᠤᠨ ᠨᠡᠭᠡᠭᠡᠬᠦ ᠪᠠᠷ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠵᠤ᠂ ᠭᠤᠣᠯᠯᠠᠭᠴᠢ ᠮᠡᠷᠭᠡᠵᠢᠯ ᠪᠠ ᠦᠢᠯᠡᠳᠬᠦ ᠳᠠᠪᠠᠭᠤᠯᠢᠭ ᠲᠠᠭᠠᠨ ᠲᠦᠰᠢᠭᠯᠡᠵᠦ᠂ ᠴᠥᠮ᠎ᠡ ᠶᠢᠨ ᠴᠠᠬᠢᠯᠭᠠᠨ ᠤ ᠲᠣᠨᠣᠭᠯᠠᠯ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ᠂ ᠣᠨᠴᠠ ᠲᠦᠷᠦᠯ ᠤᠨ ᠮᠠᠰᠢᠨ ᠲᠡᠷᠭᠡ᠂ ᠨᠡᠭᠦᠷᠡᠰᠦᠨ ᠤ ᠮᠠᠰᠢᠨ᠂ ᠲᠡᠮᠦᠷ ᠵᠠᠮ ᠤᠨ ᠪᠤᠬ᠎ᠠ ᠲᠡᠷᠭᠡ ᠵᠡᠷᠭᠡ ᠲᠠᠪᠤᠨ ᠶᠡᠭᠡ ᠲᠦᠷᠦᠯ ᠪᠤᠢ᠃ ᠡᠭᠦᠨ ᠳᠤ ᠴᠥᠮ᠎ᠡ ᠶᠢᠨ ᠴᠠᠬᠢᠯᠭᠠᠨ ᠤ ᠲᠣᠨᠣᠭᠯᠠᠯ ᠤᠨ ᠬᠦᠷᠢᠶᠡᠨ ᠳᠤ᠂ ᠭᠤᠣᠯ ᠬᠤᠷᠳᠤᠴᠠ ᠪᠠᠭᠤᠷᠠᠭᠤᠯᠤᠭᠴᠢ᠂ ᠪᠠᠶᠢᠷᠢ ᠬᠢᠵᠠᠭᠠᠷᠯᠠᠬᠤ ᠪᠠᠶᠢᠭᠤᠯᠤᠮᠵᠢ᠂ ᠰᠢᠳᠠᠮ ᠤᠨ ᠪᠠᠶᠢᠷᠢ ᠶᠢᠨ ᠢᠯᠡᠳᠬᠡᠭᠦᠷ ᠵᠡᠷᠭᠡ ᠦᠢᠯᠡᠳᠬᠦᠨ ᠨᠢ ᠢᠵᠢ ᠪᠦᠷᠢᠳᠦᠭᠰᠡᠨ ᠪᠠᠶᠢᠨ᠎ᠠ᠃ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠬᠦᠷᠢᠶᠡᠨ ᠳᠤ᠂ 5MW ᠦᠢᠯᠡᠳᠬᠦᠨ ᠤ ᠰᠠᠭᠤᠷᠢᠨ ᠳᠡᠭᠡᠷ᠎ᠡ᠂ 7.5 MW᠎ ᠶᠢᠨ ᠠᠶᠠᠯᠠᠯ ᠬᠡᠯᠪᠡᠶᠢᠬᠦ᠂ ᠰᠡᠯᠢᠭᠦᠷ ᠥᠭᠡᠷᠡᠴᠢᠯᠡᠬᠦ ᠬᠤᠷᠳᠤᠴᠠ ᠪᠠᠭᠤᠷᠠᠭᠤᠯᠬᠤ ᠮᠠᠰᠢᠨ ᠢ ᠳᠠᠪᠬᠤᠴᠠᠭᠤᠯᠤᠨ ᠰᠤᠳᠤᠯᠤᠨ ᠦᠢᠯᠡᠳᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠥᠪᠡᠷ ᠤᠨ ᠥᠷᠲᠡᠭ ᠢ ᠪᠠᠭᠤᠷᠠᠭᠤᠯᠵᠤ᠂ ᠴᠢᠳᠠᠮᠵᠢ ᠶᠢ ᠨᠢ ᠳᠡᠭᠡᠭᠰᠢᠯᠡᠭᠦᠯᠦᠨ᠎ᠡ᠃ ᠨᠡᠭᠦᠷᠡᠰᠦᠨ ᠤ ᠮᠠᠰᠢᠨ ᠮᠧᠬᠠᠨᠢᠭ ᠤᠨ ᠬᠦᠷᠢᠶᠡᠨ ᠳᠤ᠂ 20 ᠲᠣᠨ ᠤ ᠳᠡᠰ ᠤᠨ ᠬᠦᠷᠳᠦᠨ ᠤ ᠬᠥᠪᠡᠭᠡᠨ ᠤ ᠤᠳᠠᠭᠠᠰᠢᠷᠠᠭᠤᠯᠤᠭᠴᠢ ᠶᠢ ᠰᠤᠳᠤᠯᠤᠨ ᠦᠢᠯᠡᠳᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠲᠦᠷᠦᠭᠦᠦ ᠪᠦᠯᠦᠭ ᠳᠡᠳ᠋ ᠤᠭᠰᠠᠷᠠᠭ᠎ᠠ ᠲᠤᠨᠤᠭ ᠤᠨ ᠦᠢᠯᠡᠳᠬᠦᠨ ᠢ ᠨᠢᠭᠡᠨᠲᠡ ᠤᠷᠤᠭᠰᠢᠲᠠᠢ ᠪᠠᠷ ᠶᠠᠪᠤᠭᠤᠯᠪᠠ᠃      ᠣᠲᠣ ᠪᠣᠯᠲᠠᠯ᠎ᠠ᠂ ᠳᠥᠷᠪᠡᠳᠦᠭᠡᠷ ᠬᠤᠪᠢᠶᠠᠷᠢ ᠺᠣᠮᠫᠠᠨᠢ ᠶᠢᠨ ᠡᠯ᠎ᠡ ᠬᠦᠷᠢᠶᠡᠨ ᠳᠠᠬᠢ ᠠᠷᠠᠳ ᠤᠨ ᠬᠡᠷᠡᠭᠯᠡᠭᠡᠨ ᠤ ᠵᠦᠢᠯ ᠤᠨ ᠭᠡᠷ᠎ᠡ ᠲᠣᠭᠲᠠᠭᠤᠨ ᠢᠶᠠᠷ ᠨᠡᠮᠡᠭᠳᠡᠵᠦ᠂ ᠬᠤᠪᠢᠶᠠᠷᠢ ᠺᠣᠮᠫᠠᠨᠢ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠣᠶ ᠪᠣᠯᠭᠠᠵᠤ᠂ ᠠᠷᠠᠳ ᠤᠨ ᠬᠡᠷᠡᠭᠯᠡᠭᠡᠨ ᠤ ᠵᠦᠢᠯ ᠤᠨ ᠥᠷᠢᠰᠦᠯᠳᠦᠬᠦ ᠬᠦᠴᠦᠨ ᠪᠠ ᠶᠠᠰᠤ ᠴᠢᠨᠠᠷ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ᠃      ᠵᠠᠯᠭᠠᠭᠠᠳ ᠳᠥᠷᠪᠡᠳᠦᠭᠡᠷ ᠬᠤᠪᠢᠶᠠᠷᠢ ᠺᠣᠮᠫᠠᠨᠢ ᠵᠠᠬ᠎ᠠ ᠳᠡᠯᠭᠡᠭᠦᠷ ᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠠᠵᠢᠯ ᠲᠦᠷᠦᠯ ᠳᠤ ᠢᠳᠡᠪᠬᠢᠲᠡᠢ ᠠᠭᠤᠰᠤᠯᠴᠠᠵᠤ᠂ ᠵᠠᠬ᠎ᠠ ᠳᠡᠯᠭᠡᠭᠦᠷ ᠤᠨ ᠬᠡᠷᠡᠭᠯᠡᠭᠴᠢᠳ ᠤᠨ ᠬᠡᠷᠡᠭᠴᠡᠭᠡ ᠵᠢᠴᠢ ᠬᠤᠪᠢᠷᠠᠯᠲᠠ ᠳᠤ ᠬᠥᠳᠡᠯᠦᠩᠭᠦᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠭᠠᠭᠴᠠ ᠲᠦᠷᠦᠯ ᠤᠨ ᠮᠠᠩᠯᠠᠢ ᠦᠢᠯᠡᠳᠬᠦᠨ ᠢ ᠡᠭᠦᠳᠴᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠥᠯᠥᠪᠯᠡᠭᠡ ᠶᠣᠰᠣᠭᠠᠷ ᠪᠡᠶᠡᠯᠡᠭᠦᠯᠬᠦ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号