8 ᠰᠠᠷ᠎ᠠ ᠶᠢᠨ 6 ᠤ ᠡᠳᠦᠷ᠂ ᠴᠢᠩᠱᠠᠨ ᠲᠣᠭᠤᠷᠢᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠨᠡᠶᠢᠭᠡᠮ | ᠲᠣᠭᠤᠷᠢᠭ ᠤᠨ ᠨᠠᠶᠢᠷᠠᠯ ᠳᠠᠭᠤᠤ ᠶᠢᠨ ᠤᠷᠤᠯᠳᠤᠭᠠᠨ ᠵᠦᠩ ᠴᠢᠩ ᠢᠷᠡᠭᠡᠳᠦᠢ ᠶᠢᠨ ᠵᠦᠴᠦᠭᠡ ᠶᠢᠨ ᠬᠦᠷᠢᠶᠡᠯᠡᠩ ᠳᠤ | ᠶᠠᠪᠤᠭᠳᠠᠵᠤ᠂ ᠴᠢᠩᠱᠠᠨ ᠲᠣᠭᠤᠷᠢᠭ ᠤᠨ ᠡᠯ᠎ᠡ ᠵᠡᠭᠡᠯᠢ ᠪᠠᠯᠭᠠᠰᠤ ᠶᠢᠨ 9 ᠨᠠᠶᠢᠷᠠᠯ ᠳᠠᠭᠤᠤ ᠶᠢᠨ ᠠᠩᠭᠢ ᠬᠥᠳᠡᠯᠭᠡᠮ᠎ᠡ | ᠳᠠᠭᠤᠤ ᠪᠠᠷ ᠢᠶᠠᠨ ᠡᠬᠡ ᠤᠯᠤᠰ ᠲᠠᠭᠠᠨ ᠰᠡᠳᠬᠢᠯ ᠢᠶᠠᠨ ᠢᠯᠡᠳᠬᠡᠵᠡᠢ᠃ | ︽ᠵᠠᠮᠴᠢᠯᠠᠭᠴᠢ︾ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ︽ᠲᠤᠭ ᠤᠨ ᠮᠠᠭᠲᠠᠭᠠᠯ︾ ︽ᠪᠢ ᠲᠠᠯ᠎ᠠ | ᠨᠤᠲᠤᠭ ᠲᠠᠢ ᠪᠣᠯᠵᠤᠭ᠎ᠠ ᠲᠠᠢ︾ ︽ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ︽ᠵᠣᠯ ᠵᠢᠷᠭᠠᠯᠲᠤ | ᠳᠤᠮᠳᠠᠳᠤ ᠤᠯᠤᠰ ᠢᠶᠠᠨ ᠬᠠᠮᠲᠤᠪᠠᠷ ᠤᠷᠤᠭᠰᠢᠯᠠᠶ᠎ᠠ︾ ︽ᠡᠬᠡ ᠤᠯᠤᠰ ᠢᠶᠠᠨ ᠮᠠᠷᠲᠠᠬᠤ ᠦᠭᠡᠢ︾ ︽ᠳᠤᠮᠳᠠᠳᠤ ᠪᠠᠨ | ᠬᠠᠶᠢᠷᠠᠯᠠᠶ᠎ᠠ︾ ᠭᠡᠬᠦ ᠣᠷᠭᠢᠯᠤᠮ᠎ᠠ ᠬᠠᠯᠠᠭᠤᠨ ᠬᠤᠪᠢᠰᠬᠠᠯ ᠤᠨ ᠬᠦᠭ ᠠᠶᠠᠰ᠂ ᠬᠥᠮᠥᠰ ᠤᠨ ᠰᠡᠳᠬᠢᠯ ᠢ | ᠳᠣᠭᠳᠣᠯᠤᠭᠤᠯᠤᠮ᠎ᠠ ᠰᠣᠩᠭᠤᠳᠠᠭ ᠳᠠᠭᠤᠤ ᠨᠤᠭᠤᠳ ᠴᠢᠩᠱᠠᠨ ᠤ ᠴᠤᠭ ᠪᠠᠳᠠᠷᠠᠩᠭᠤᠢ ᠵᠣᠷᠢᠭ ᠰᠠᠨᠠᠭ᠎ᠠ ᠪᠠ | ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠳᠦᠷᠢ ᠲᠥᠷᠬᠦ ᠶᠢ ᠳᠠᠭᠤᠯᠠᠪᠠ᠃ ᠤᠯᠠᠨ ᠤ ᠪᠠᠭ᠋ᠠᠷᠬᠠᠯ ᠢ | ᠲᠠᠲᠠᠭᠰᠠᠨ ᠳᠠᠭᠤᠤ ᠨᠤᠭᠤᠳ ᠵᠦᠴᠦᠭᠡ ᠶᠢᠨ ᠲᠠᠯᠠᠪᠠᠢ ᠳᠤ ᠴᠤᠤᠷᠢᠶᠠᠲᠤᠵᠤ᠂ ᠴᠢᠩᠱᠠᠨ ᠲᠣᠭᠤᠷᠢᠭ ᠤᠨ ᠠᠷᠠᠳ | ᠲᠦᠮᠡᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠶᠢ ᠦᠨᠡᠨ | ᠰᠡᠳᠬᠢᠯ ᠠᠴᠠ ᠪᠠᠨ ᠢᠯᠡᠳᠬᠡᠵᠦ᠂ ᠰᠢᠨ᠎ᠡ ᠴᠠᠭ ᠦᠶ᠎ᠡ ᠶᠢᠨ ᠴᠢᠩᠱᠠᠨ ᠤ ᠬᠥᠪᠡᠭᠦᠳ ᠥᠬᠢᠳ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ | ᠬᠠᠷᠠᠭᠤᠯᠵᠠᠢ᠃ ᠡᠯ᠎ᠡ ᠨᠠᠶᠢᠷᠠᠯ ᠳᠠᠭᠤᠤ ᠶᠢᠨ ᠠᠩᠭᠢ ᠶᠢᠨ ᠬᠢᠨ ᠣᠷᠭᠢᠯᠤᠮ᠎ᠠ ᠬᠠᠯᠠᠭᠤᠨ ᠰᠡᠳᠬᠢᠯᠭᠡ᠂ ᠳᠠᠭᠤᠤ ᠪᠠ | ᠬᠦᠴᠦᠲᠡᠢ ᠠᠶᠢᠵᠠᠮ ᠢᠶᠠᠷ ᠢᠶᠠᠨ ᠲᠡᠭᠦᠯᠳᠡᠷ ᠰᠠᠶᠢᠬᠠᠨ ᠲᠣᠭᠯᠠᠵᠤ᠂ ᠤᠯᠠᠨ ᠲᠦᠮᠡᠨ ᠤ ᠰᠣᠶᠣᠯ ᠤᠨ ᠣᠨᠴᠠᠯᠢᠭ ᠪᠠ | ᠬᠢᠷᠢ ᠲᠦᠪᠰᠢᠨ ᠢ ᠭᠦᠢᠴᠡᠳ ᠢᠯᠡᠷᠡᠭᠦᠯᠵᠦ᠂ ᠬᠠᠩᠭᠢᠨᠠᠮ᠎ᠠ ᠰᠠᠶᠢᠬᠠᠨ ᠳᠠᠭᠤᠤ᠂ ᠭᠤᠶᠢᠳᠠ ᠰᠠᠶᠢᠬᠠᠨ ᠲᠣᠭᠯᠠᠯᠲᠠ ᠨᠢ | ᠦᠵᠡᠭᠴᠢᠳ ᠤᠨ ᠰᠡᠳᠬᠢᠯ ᠢ ᠳᠣᠭᠳᠣᠯᠤᠭᠤᠯᠵᠤ᠂ ᠬᠠᠯᠠᠭᠤᠨ ᠠᠯᠠᠭ᠎ᠠ ᠲᠡᠰᠢᠯᠲᠡ ᠶᠢ ᠴᠤᠤᠷᠢᠶᠠᠲᠤᠭᠤᠯᠪᠠ᠃ | ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠤᠷᠤᠯᠳᠤᠭᠠᠨ ᠨᠢ ᠣᠷᠣᠨ ᠪᠦᠰᠡ ᠶᠢᠨ ᠣᠯᠠᠨ ᠲᠦᠮᠡᠨ ᠳᠤ | ᠰᠣᠯᠢᠯᠴᠠᠭ᠎ᠠ᠂ ᠦᠵᠡᠭᠦᠯᠦᠯᠭᠡ ᠪᠠ ᠤᠷᠤᠯᠳᠤᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠣᠷᠣᠨ ᠪᠦᠰᠡ | ᠶᠢᠨ ᠣᠯᠠᠨ ᠲᠦᠮᠡᠨ ᠤ ᠨᠠᠶᠢᠷᠠᠯ ᠳᠠᠭᠤᠤ ᠶᠢᠨ ᠠᠵᠢᠯᠯᠠᠭ᠎ᠠ ᠶᠢ ᠴᠤ ᠬᠥᠭᠵᠢᠭᠡᠭᠰᠡᠨ ᠪᠥᠭᠡᠳ ᠣᠯᠠᠨ ᠲᠦᠮᠡᠨ ᠤ | ᠨᠠᠶᠢᠷᠠᠯ ᠳᠠᠭᠤᠤ ᠶᠢᠨ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠪᠣᠯᠬᠤᠷ ᠨᠠᠩ ᠣᠯᠠᠨ ᠬᠥᠮᠥᠰ ᠲᠤ ᠢᠷᠠᠭᠤ | ᠰᠠᠶᠢᠬᠠᠨ ᠬᠥᠭ ᠠᠶᠠᠰ ᠤᠨ ᠳᠤᠮᠳᠠ ᠪᠠᠶᠠᠷ ᠪᠠᠭ᠋ᠠᠳᠤᠯ ᠢ ᠣᠯᠭᠤᠭᠰᠠᠨ ᠪᠠᠶᠢᠨ᠎ᠠ᠃ | | | |