ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ 2023 ᠣᠨ ᠤ ᠭᠤᠷᠪᠠᠳᠤᠭᠠᠷ ᠪᠦᠯᠦᠭ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢᠯᠡ ᠨᠡᠶᠢᠲᠡᠯᠡᠯ ᠢ ᠦᠩᠭᠡᠷᠡᠭᠦᠯᠪᠡ
ᠨᠡᠶᠢᠲᠡᠯᠡᠭᠰᠡᠨ ᠴᠠᠭ᠄
2023/9/11
      ︽ᠪᠤᠭᠤᠲᠤ ᠬᠤᠲᠠ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ  ᠭᠤᠷᠪᠠᠨ ᠳᠡᠰ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠰ ᠲᠣᠭᠲᠠᠭᠠᠬᠤ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ︵ᠪᠤᠭᠤᠲᠤ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠭᠰᠠᠨ ﹇2022﹈ 19 ᠳ᠋ᠦ᠋ᠭᠡᠷ ᠲᠣᠭᠠᠲᠤ︶᠎ ᠶᠢᠨ ᠲᠣᠭᠲᠠᠭᠠᠯ ᠢ ᠦᠨᠳᠦᠰᠦᠯᠡᠨ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠬᠢᠨᠠᠨ ᠲᠣᠭᠲᠠᠭᠠᠯᠲᠠ ᠪᠠᠷ ᠳᠡᠮᠵᠢᠨ᠂ ᠪᠤᠭᠤᠲᠤ ᠶᠢᠨ ᠤᠮᠠᠷᠠᠲᠤ ᠶᠢᠨ ᠠᠶᠤᠯ ᠦᠭᠡᠢ ᠶᠢᠨ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠬᠢᠵᠠᠭᠠᠷᠲᠤ ᠺᠣᠮᠫᠠᠨᠢ᠂ ᠬᠠᠩ ᠰᠢᠶᠣᠣ ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ ᠲᠣᠰ ᠲᠣᠰ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠭᠤᠷᠪᠠᠳᠤᠭᠠᠷ ᠳᠡᠰ ᠤᠨ ᠪᠠᠷᠢᠮᠵᠢᠶᠠᠵᠢᠭᠤᠯᠤᠯᠲᠠ ᠳᠤ ᠬᠦᠷᠦᠭᠰᠡᠨ ᠪᠥᠭᠡᠳ ᠢᠯᠡ ᠨᠡᠶᠢᠲᠡᠯᠡᠬᠦ ᠶᠢ ᠤᠷᠤᠭᠰᠢᠲᠠᠢ ᠥᠩᠭᠡᠷᠡᠭᠦᠯᠪᠡ᠃ ᠣᠲᠣ ᠪᠣᠯᠲᠠᠯ᠎ᠠ᠂ ᠬᠦᠷᠢᠶᠡᠯᠡᠩ ᠲᠣᠭᠤᠷᠢᠭ ᠤᠨ 6 ᠠᠵᠤ ᠠᠬᠤᠶᠢᠯᠠᠯ ᠨᠢᠭᠡᠨᠲᠡ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃      ᠬᠦᠷᠢᠶᠡᠯᠡᠩ ᠲᠣᠭᠤᠷᠢᠭ ᠨᠢ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠥᠪᠡᠷ ᠢ ᠪᠠᠨ ᠬᠢᠵᠠᠭᠠᠷᠯᠠᠬᠤ᠂ ᠦᠷᠭᠦᠯᠵᠢᠯᠡᠨ ᠰᠠᠶᠢᠵᠢᠷᠠᠭᠤᠯᠬᠤ ᠰᠠᠶᠢᠨ ᠰᠠᠶᠢᠬᠠᠨ ᠲᠣᠭᠲᠠᠴᠠ ᠪᠠ ᠠᠵᠤ ᠠᠬᠤᠶᠢᠯᠠᠯ ᠤᠨ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠶᠤᠯᠭᠦᠢ ᠶᠢᠨ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠠᠮᠦᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠴᠢᠭᠯᠡᠯᠲᠡ ᠶᠢ ᠨᠡᠩ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠪᠠᠶᠢᠩᠭᠤᠵᠢᠭᠤᠯᠬᠤ ᠵᠠᠮ ᠳᠤ ᠣᠷᠣᠭᠤᠯᠵᠤ᠂ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠠᠶᠢᠳᠠᠯ ᠤᠨ ᠲᠣᠭᠲᠠᠭᠤᠨ ᠪᠠᠶᠢᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号