ᠴᠢᠩᠱᠠᠨ ᠲᠣᠭᠤᠷᠢᠭ 39 ᠳ᠋ᠦ᠋ᠭᠡᠷ ᠪᠠᠭᠰᠢ ᠶᠢᠨ ᠪᠠᠶᠠᠷ ᠢ ᠪᠡᠯᠭᠡᠯᠡᠬᠦ ᠰᠤᠷᠭᠠᠨ ᠬᠥᠮᠦᠵᠢᠯ ᠤᠨ ᠠᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠪᠠᠭᠰᠢ ᠰᠤᠷᠤᠭᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠢᠪᠡ
ᠨᠡᠶᠢᠲᠡᠯᠡᠭᠰᠡᠨ ᠴᠠᠭ᠄
2023/9/11
480X326.jpg
      39 ᠳ᠋ᠦ᠋ᠭᠡᠷ ᠪᠠᠭᠰᠢ ᠶᠢᠨ ᠪᠠᠶᠠᠷ ᠢ ᠪᠡᠯᠭᠡᠯᠡᠵᠦ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠡᠯᠪᠡᠭ ᠪᠠᠶᠠᠯᠢᠭ ᠦᠷ᠎ᠡ ᠪᠦᠲᠦᠭᠡᠯ ᠪᠠ ᠥᠷᠭᠡᠨ ᠤᠯᠠᠨ ᠪᠠᠭᠰᠢ ᠶᠢᠨ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ︽ᠰᠤᠷᠤᠯᠭ᠎ᠠ ᠶᠢ ᠴᠢᠩᠱᠠᠨ ᠳᠤ ᠰᠢᠯᠢᠳᠡᠭᠵᠢᠭᠦᠯᠬᠦ︾ ᠨᠠᠷᠠᠲᠤ ᠲᠡᠮᠳᠡᠭᠲᠦ ᠶᠢ ᠪᠦᠲᠦᠭᠡᠨ ᠪᠠᠶᠢᠭᠤᠯᠬᠤ ᠳᠤ ᠨᠠᠩ ᠣᠯᠠᠨ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠨᠡᠮᠡᠷᠢᠯᠡᠬᠦ ᠶᠢᠨ ᠲᠦᠯᠦᠭᠡ᠂ 9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠬᠢᠨ 39 ᠳ᠋ᠦ᠋ᠭᠡᠷ ᠪᠠᠭᠰᠢ ᠶᠢᠨ ᠪᠠᠶᠠᠷ ᠢ ᠪᠡᠯᠭᠡᠯᠡᠬᠦ ᠰᠤᠷᠭᠠᠨ ᠬᠥᠮᠦᠵᠢᠯ ᠤᠨ ᠠᠵᠢᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠪᠠᠭᠰᠢ ᠰᠤᠷᠤᠭᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠢᠵᠡᠢ᠃ ᠪᠤᠭᠤᠲᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠴᠢ ᠪᠦᠬᠦ ᠲᠤᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ᠲᠤᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯ ᠬᠠᠷᠢᠭᠤᠴᠠᠯᠭᠠᠲᠠᠨ ᠨᠥᠬᠦᠳ ᠪᠠ ᠬᠥᠬᠢᠭᠦᠯᠦᠭᠳᠡᠨ ᠰᠠᠶᠢᠰᠢᠶᠠᠭᠳᠠᠭᠰᠠᠨ ᠪᠠᠭᠰᠢ᠂ ᠰᠢᠨ᠎ᠡ ᠪᠠᠭᠰᠢ ᠶᠢᠨ ᠲᠥᠯᠥᠭᠡᠯᠡᠭᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃      ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠳ᠋ᠢᠩ ᠺᠠᠢ ᠲᠣᠭᠤᠷᠢᠭ ᠤᠨ ᠳᠥᠷᠪᠡᠨ ᠪᠠᠭ  ᠢ ᠲᠦᠯᠦᠭᠡᠯᠡᠨ ᠬᠥᠬᠢᠭᠦᠯᠦᠯ ᠭᠥᠷᠳᠡᠭᠰᠡᠨ ᠲᠡᠷᠢᠭᠦᠨ ᠤ ᠬᠠᠮᠲᠤ  ᠪᠠ ᠬᠤᠪᠢ ᠬᠥᠮᠥᠨ ᠳᠤ ᠬᠠᠯᠠᠭᠤᠨ ᠪᠠᠶᠠᠷ ᠬᠦᠷᠭᠡᠵᠦ᠂ ᠰᠤᠷᠭᠠᠨ ᠬᠥᠮᠦᠵᠢᠯ ᠤᠨ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢ  ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠳ᠋ᠢᠩ ᠺᠠᠢ᠂ ᠨᠢᠭᠡ ᠵᠢᠯ ᠤᠨ ᠲᠤᠷᠰᠢ᠂ ᠪᠦᠬᠦ ᠲᠤᠭᠤᠷᠢᠭ ᠢᠶᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ︽ᠣᠳᠣᠬᠢᠴᠢᠯᠠᠭᠰᠠᠨ ᠰᠤᠷᠭᠠᠨ ᠬᠥᠮᠦᠵᠢᠯ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ︾ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠠᠷᠭ᠎ᠠ ᠪᠦᠬᠦᠨ ᠢ ᠰᠦᠪᠡᠭᠴᠢᠯᠡᠨ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠵᠦ᠂ ᠲᠡᠩᠴᠡᠭᠦᠷᠢᠲᠡᠢ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠪᠦᠬᠦ ᠲᠤᠭᠤᠷᠢᠭ ᠤᠨ ᠥᠷᠭᠡᠨ ᠤᠯᠠᠨ ᠪᠠᠭᠰᠢ ᠨᠠᠷ ᠢᠮᠠᠭᠲᠠ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠰᠠᠶᠢᠨ ᠪᠠᠭᠰᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠪᠡᠶ᠎ᠡ ᠪᠠᠷ ᠢᠶᠠᠨ ᠲᠦᠷᠦᠭᠦᠯᠡᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠪᠠ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠠᠭᠰᠢ ᠶᠢᠨ ᠶᠣᠰᠣ ᠮᠣᠷᠠᠯ ᠢ ᠪᠠᠭᠰᠢ ᠶᠢᠨ ᠠᠩᠬᠠᠨ ᠤ ᠬᠢᠴᠢᠶᠡᠯ᠂ ᠨᠠᠰᠤᠨ ᠲᠤᠷᠰᠢᠲᠠ ᠵᠠᠪᠠᠯ ᠰᠤᠷᠬᠤ ᠬᠢᠴᠢᠶᠡᠯ ᠪᠣᠯᠭᠠᠵᠤ᠂ ᠶᠣᠰᠣ ᠮᠣᠷᠠᠯ ᠦᠵᠡᠯ ᠰᠡᠳᠬᠢᠯᠭᠡ ᠶᠢ ᠬᠥᠮᠥᠵᠢᠭᠦᠯᠬᠦ ᠰᠠᠶᠢᠨ ᠪᠠᠭᠰᠢ ᠪᠣᠯᠬᠤ ᠪᠠᠷ ᠴᠢᠷᠮᠠᠶᠢᠬᠤ ᠬᠡᠷᠡᠭᠲᠡᠢ᠃ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠭᠡᠳᠬᠡᠨ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ ᠰᠠᠶᠢᠨ ᠪᠠᠭᠰᠢ ᠪᠣᠯᠬᠤ ᠪᠠᠷ ᠴᠢᠷᠮᠠᠶᠢᠬᠤ ᠬᠡᠷᠡᠭᠲᠡᠢ᠃ ᠦᠨᠡᠨ ᠰᠡᠳᠬᠢᠯ ᠠᠴᠠ ᠪᠠᠨ ᠰᠤᠷᠤᠭᠴᠢᠳ ᠢ ᠬᠦᠨᠳᠦᠳᠬᠡᠨ ᠣᠶᠢᠯᠠᠭᠠᠵᠤ᠂ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ᠂ ᠡᠨᠡᠷᠢᠩᠭᠦᠢ ᠰᠡᠳᠬᠢᠯ ᠢ ᠴᠢᠷᠮᠠᠶᠢᠨ ᠰᠤᠷᠤᠯᠴᠠᠳᠠᠭ ᠰᠠᠶᠢᠨ ᠪᠠᠭᠰᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠳᠡᠭᠡᠷ᠎ᠡ᠂ ᠪᠦᠬᠦ ᠲᠤᠭᠤᠷᠢᠭ ᠤᠨ ︽ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠡᠷᠢᠭᠦᠨ ᠤ ᠬᠠᠮᠲᠤ︾ ︽ᠰᠤᠷᠭᠠᠭᠤᠯᠢ ᠶᠢᠨ ᠬᠠᠮᠢᠶᠠᠷᠤᠯᠲᠠ ᠶᠢᠨ ᠲᠡᠷᠢᠭᠦᠨ ᠤ ᠬᠠᠮᠲᠤ︾ ︽ᠠᠵᠤ ᠠᠬᠤᠶᠢᠯᠠᠯ ᠤᠨ ᠡᠷᠭᠢᠯᠡᠭᠰᠡᠨ᠂ ᠠᠷᠠᠳ  ᠠᠴᠠ ᠡᠷᠭᠢᠯᠡᠭᠰᠡᠨ᠂ ᠨᠡᠶᠢᠭᠡᠮ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ︾ ︽ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠬᠠᠮᠠᠭᠠᠯᠠᠭᠰᠠᠨ ᠲᠡᠷᠢᠭᠦᠨ ᠤ ᠨᠢᠭᠡᠴᠡ︾ ︽ᠰᠤᠷᠭᠠᠨ ᠬᠥᠮᠦᠵᠢᠯ ᠳᠤ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ︾ ︽ᠪᠠᠭᠰᠢ ᠶᠢᠨ ᠮᠣᠷᠠᠯ ᠤᠨ ᠥᠯᠢᠭᠡᠷ ᠳᠠᠭᠤᠷᠢᠶᠠᠯ︾ ︽ᠰᠤᠷᠭᠠᠨ ᠬᠥᠮᠦᠵᠢᠯ ᠤᠨ ᠬᠡᠪ ᠳᠠᠭᠤᠷᠢᠶᠠᠯ︾ ︽ᠰᠢᠯᠢᠳᠡᠭ ᠠᠩᠭᠢ ᠶᠢᠨ ᠡᠷᠬᠢᠯᠡᠭᠴᠢ︾ ︽ᠰᠢᠯᠢᠳᠡᠭ ᠪᠠᠭᠰᠢ︾ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠯᠢᠳᠡᠭ ᠪᠠᠭᠰᠢ︾ ︽ᠰᠢᠯᠢᠳᠡᠭ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯᠲᠠᠨ︾ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾ ︽ᠰᠢᠯᠢᠳᠡᠭ ᠰᠣᠯᠢᠯᠴᠠᠭᠠᠨ ᠤ ᠪᠠᠭᠰᠢ︾ ︽ᠵᠡᠭᠦᠨ ᠣᠷᠣᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢᠨ ᠲᠣᠪᠣᠶᠢᠮ᠎ᠠ ᠬᠤᠪᠢ ᠬᠥᠮᠥᠨ︾ ᠨᠡᠶᠢᠲᠡ 33 ᠲᠡᠷᠢᠭᠦᠨ ᠤ ᠬᠠᠮᠲᠤ ᠪᠠ 321 ᠲᠡᠷᠢᠭᠦᠨ ᠤ ᠬᠤᠪᠢ ᠬᠥᠮᠥᠨ ᠶᠢ ᠰᠠᠶᠢᠰᠢᠶᠠᠨ ᠬᠦᠬᠢᠭᠦᠯᠪᠡ᠃ ᠬᠥᠬᠢᠭᠦᠯᠦᠭᠳᠡᠨ ᠰᠠᠶᠢᠰᠢᠶᠠᠭᠳᠠᠭᠰᠠᠨ ᠬᠠᠮᠲᠤ ᠨᠡᠶᠢᠳᠡ ᠪᠠ ᠬᠤᠪᠢ ᠬᠥᠮᠥᠨ ᠤ ᠲᠥᠯᠥᠭᠡᠯᠡᠭᠴᠢ ᠳᠤ ᠢᠷᠠᠭᠤ ᠠᠯᠳᠠᠷ ᠤᠨ ᠦᠨᠡᠮᠯᠡᠯ ᠤᠯᠭᠤᠪᠠ᠃      ᠨᠢᠭᠡᠳᠦᠭᠡᠷ ᠮᠠᠰᠢᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ 202 ᠪᠠᠭ᠎ᠠ ᠰᠤᠷᠭᠠᠭᠤᠯᠢ ᠶᠢᠨ ᠪᠠᠭᠰᠢ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠶᠢᠨ ᠬᠤᠪᠢ ᠪᠠᠷ ᠲᠤᠰ ᠲᠤᠰ ᠨᠡᠶᠢᠲᠡᠯᠢᠭ ᠶᠠᠷᠢᠶ᠎ᠠ ᠲᠠᠯᠪᠢᠵᠤ᠂ ᠲᠤᠰ ᠪᠡᠶ᠎ᠡ ᠶᠢᠨ ᠠᠵᠢᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠤᠷᠰᠢᠯᠭ᠎ᠠ ᠶᠢᠨ ᠲᠣᠭᠤᠷᠢᠨ ᠳᠤ ᠲᠡᠳᠡᠨᠤᠰ ᠤᠨ ᠰᠤᠷᠭᠠᠨ ᠬᠥᠮᠦᠵᠢᠯ ᠤᠨ ᠤᠭ ᠰᠠᠨᠠᠭ᠎ᠠ ᠪᠠ ᠰᠤᠷᠭᠠᠨ ᠬᠥᠮᠦᠵᠢᠯ ᠤᠨ ᠬᠦᠰᠡᠯᠡᠩ ᠢ ᠲᠠᠶᠢᠯᠪᠤᠷᠢᠯᠠᠪᠠ᠃ ᠳᠠᠷᠠᠭ᠎ᠠ ᠳᠤᠨᠢ᠂ ᠰᠢᠨ᠎ᠡ ᠪᠠᠭᠰᠢ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠥᠪᠡᠷ ᠤᠨ ᠰᠤᠷᠭᠠᠨ ᠬᠥᠮᠦᠵᠢᠯ ᠤᠨ ᠦᠢᠯᠡᠰ ᠲᠤ ᠬᠠᠨᠳᠤᠭᠤᠯᠤᠭᠰᠠᠨ ᠬᠠᠯᠠᠭᠤᠨ ᠰᠡᠳᠬᠢᠯᠭᠡ ᠪᠠ ᠦᠨᠡᠨᠴᠢ ᠰᠡᠳᠬᠢᠯ ᠢᠶᠠᠨ ᠢᠯᠡᠳᠬᠡᠭᠰᠡᠨ ᠪᠥᠭᠡᠳ ᠴᠢᠩᠱᠠᠨ ᠳᠤ ᠦᠨᠳᠦᠰᠦᠯᠡᠵᠦ᠂ ᠨᠢᠭᠡ ᠰᠡᠳᠬᠢᠯ ᠢᠶᠠᠷ ᠬᠥᠮᠥᠨ ᠢ ᠬᠥᠮᠥᠵᠢᠭᠦᠯᠵᠦ᠂ ᠴᠢᠩᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠲᠥᠪ ᠴᠢᠩᠭ᠎ᠠ ᠪᠠᠷ ᠠᠮᠠᠯᠠᠭᠰᠠᠨ ᠪᠠᠶᠢᠨ᠎ᠠ᠃      ᠬᠥᠬᠢᠭᠦᠯᠦᠨ ᠰᠠᠶᠢᠰᠢᠶᠠᠬᠤ ᠶᠡᠭᠡ ᠬᠤᠷᠠᠯ ᠲᠡᠭᠦᠰᠦᠭᠰᠡᠨ ᠤ ᠳᠠᠷᠠᠭ᠎ᠠ᠂ ᠪᠠᠭᠰᠢ ᠰᠤᠷᠤᠭᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠠᠪᠤᠭᠳᠠᠭᠤᠯᠵᠠᠢ᠃ ᠪᠦᠬᠦ ᠲᠠᠯᠠᠪᠠᠢ ᠶᠢᠨ ᠲᠣᠭᠯᠠᠯᠲᠠ ᠨᠢ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠵᠦ᠂ ᠪᠦᠬᠦ ᠲᠤᠭᠤᠷᠢᠭ ᠤᠨ ᠥᠷᠭᠡᠨ ᠤᠯᠠᠨ ᠪᠠᠭᠰᠢ ᠨᠠᠷ ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ︽ᠰᠤᠷᠤᠯᠭ᠎ᠠ ᠶᠢ ᠴᠢᠩᠱᠠᠨ ᠳᠤ ᠰᠢᠯᠢᠳᠡᠭᠵᠢᠭᠦᠯᠬᠦ︾ ᠶᠢ ᠡᠷᠬᠢᠮᠯᠡᠵᠦ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠢᠷᠠᠭᠤ ᠠᠯᠳᠠᠷᠲᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠢᠲᠡᠭᠡᠯ ᠵᠣᠷᠢᠭ ᠢ ᠢᠯᠡᠳᠬᠡᠵᠡᠢ᠃      ᠴᠢᠩᠱᠠᠨ ᠲᠣᠭᠤᠷᠢᠭ ᠤᠨ ᠬᠢᠨ ᠲᠤᠰ ᠤᠳᠠᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ︽ᠵᠣᠷᠢᠭᠲᠠᠢ ᠬᠢᠵᠦ ᠵᠣᠷᠢᠭᠲᠠᠢ ᠲᠤᠷᠰᠢᠬᠤ︾ ᠵᠣᠷᠢᠭ ᠰᠠᠨᠠᠭ᠎ᠠ ᠶᠢ ᠪᠠᠷᠢᠮᠲᠠᠯᠠᠵᠤ᠂ ︽ᠲᠡᠷᠢᠭᠦᠨ ᠤ  ᠬᠢ ᠶᠢ ᠴᠢᠷᠮᠠᠶᠢᠨ ᠡᠭᠦᠳᠬᠦ︾ ᠡᠷᠴᠢ ᠵᠣᠷᠢᠭ ᠢ ᠪᠠᠷᠢᠮᠲᠠᠯᠠᠨ᠂ ︽ᠪᠣᠳᠠᠲᠠᠢ ᠪᠠᠷ ᠠᠵᠢᠯᠯᠠᠬᠤ ᠪᠠᠷ ᠭᠤᠣᠯ ᠪᠣᠯᠭᠠᠬᠤ︾ ᠰᠤᠷᠲᠠᠯ ᠢ ᠪᠠᠷᠢᠮᠲᠠᠯᠠᠵᠤ᠂ ︽ᠥᠪᠡᠷ ᠤᠨ ᠪᠡᠶ᠎ᠡ ᠪᠠᠷ ᠢᠶᠠᠨ ᠰᠤᠷᠭᠠᠨ ᠬᠥᠮᠦᠵᠢᠯ ᠤᠨ ᠲᠠᠪᠴᠠᠩ ᠳᠤ ᠠᠵᠢᠯᠯᠠᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠬᠦᠰᠡᠯ ᠵᠣᠷᠢᠯᠲᠠ ᠶᠢ ᠪᠠᠲᠤ ᠪᠠᠬᠢ ᠪᠣᠶ ᠪᠣᠯᠭᠠᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠠᠬᠢᠨ ᠳᠠᠪᠲᠠᠨ ᠲᠠᠰ ᠳᠡᠪᠰᠢᠭᠦᠯᠬᠦ᠂ ᠪᠦᠬᠦᠯᠢ ᠴᠣᠭᠴᠠ ᠪᠠᠷ ᠢᠶᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠴᠢᠩᠱᠠᠨ ᠤ ᠰᠤᠷᠭᠠᠨ ᠬᠥᠮᠦᠵᠢᠯ ᠤᠨ ︽ᠲᠠᠪᠤᠨ ᠶᠡᠭᠡ ᠢᠨᠵᠧᠨᠧᠷᠢᠩ︾ ᠢ ᠪᠠᠲᠤᠳᠬᠠᠨ᠂ ᠪᠤᠭᠤᠲᠤ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠦᠲᠦᠭᠡᠨ ᠪᠠᠶᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠳᠤ ᠴᠢᠩᠱᠠᠨ ᠤ ᠬᠦᠴᠦᠨ ᠴᠢᠳᠠᠯ ᠢᠶᠠᠨ ᠡᠷᠭᠦᠨ᠎ᠡ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号