ᠬᠤᠳᠠ ᠶᠢᠨ ᠬᠠᠮᠢᠶᠠᠷᠤᠯᠲᠠ ᠶᠢᠨ ᠵᠠᠭᠪᠤᠷ ᠢ ᠨᠠᠷᠢᠯᠢᠭᠵᠢᠭᠤᠯᠵᠤ    ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠩᠱᠠᠨ ᠲᠣᠭᠤᠷᠢᠭ ᠢ ᠴᠣᠭᠴᠠᠯᠠᠨ᠎ᠠ
ᠨᠡᠶᠢᠲᠡᠯᠡᠭᠰᠡᠨ ᠴᠠᠭ᠄
2023/9/12
     
qsq_202382191713_副本.jpg
      ᠰᠤᠷᠪᠤᠯᠵᠢᠯᠠᠭᠰᠠᠨ ᠭᠤᠣᠯ ᠰᠡᠳᠦᠪ᠄ ᠬᠤᠳᠠ ᠶᠢᠨ ᠬᠠᠮᠢᠶᠠᠷᠤᠯᠲᠠ ᠶᠢᠨ ᠵᠠᠭᠪᠤᠷ ᠢ ᠨᠠᠷᠢᠯᠢᠭᠵᠢᠭᠤᠯᠵᠤ    ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠩᠱᠠᠨ ᠲᠣᠭᠤᠷᠢᠭ ᠢ ᠴᠣᠭᠴᠠᠯᠠᠨ᠎ᠠ      ᠰᠤᠷᠪᠤᠯᠵᠢᠯᠠᠭᠰᠠᠨ ᠴᠠᠭ᠄ 2023 ᠣᠨ ᠤ 7 ᠰᠠᠷ᠎ᠠ ᠶᠢᠨ 20᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ      ᠼᠤᠤ ᠶᠢᠨ ᠫᠢᠩ      ᠰᠤᠷᠪᠤᠯᠵᠢᠯᠠᠭᠰᠠᠨ ᠠᠬᠤᠢ ᠪᠠᠶᠢᠳᠠᠯ᠄ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠳᠦᠷᠰᠦ ᠪᠠᠶᠢᠳᠠᠯ ᠣᠷᠴᠢᠨ ᠲᠣᠭᠤᠷᠢᠨ ᠤ ᠰᠢᠨ᠎ᠡ ᠳᠦᠷᠰᠦ ᠪᠠᠶᠢᠳᠠᠯ ᠢ ᠪᠣᠶ ᠪᠣᠯᠭᠠᠨ᠎ᠠ᠃      【ᠬᠥᠲᠥᠯᠥᠭᠴᠢ】      ᠴᠢᠩᠱᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠵᠦ ᠦᠭᠭᠦᠨ᠎ᠡ ᠦᠦ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠼᠤᠤ ᠶᠢᠨ ᠫᠢᠩ】      ᠢᠦᠢ ᠾᠧ ᠲᠢᠶᠠᠨ ᠺᠣᠮᠫᠠᠨᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠡᠷᠴᠢᠮ ᠢᠶᠠᠷ ᠳᠠᠮᠵᠢᠭᠤᠯᠤᠨ᠂ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠵᠦ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠬᠤ ᠶᠢ ᠦᠨᠡᠨᠬᠦ  ᠪᠠᠲᠤᠯᠠᠨ᠎ᠠ︔ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠳᠤ ᠡᠳᠦᠷ ᠤᠨ ᠭᠠᠷᠤᠯᠲᠠ ᠡᠳᠦᠷ ᠤᠨ ᠴᠡᠪᠡᠷᠰᠢᠯᠲᠡ᠂ ᠵᠢᠮᠢᠰ ᠤᠨ ᠬᠠᠶᠢᠷᠴᠠᠭ ᠲᠤ ᠬᠤᠭ ᠨᠣᠪᠰᠢ ᠪᠠᠶᠢᠬᠤ ᠦᠭᠡᠢ᠂ ᠬᠠᠶᠢᠷᠴᠠᠭ ᠢ ᠪᠦᠷᠬᠦᠵᠦ᠂ ᠭᠠᠳᠠᠷ ᠪᠠᠶᠢᠳᠠᠯ ᠢ ᠴᠡᠪᠡᠷ ᠴᠡᠮᠴᠡᠭᠡᠷ ᠪᠠᠶᠢᠯᠭᠠᠵᠤ᠂ ᠲᠡᠮᠳᠡᠭ ᠪᠦᠷᠢᠨ ᠭᠦᠢᠴᠡᠳ ᠪᠠᠶᠢᠯᠭᠠᠨ᠎ᠠ︔ ᠤᠰᠤ ᠰᠦᠷᠴᠢᠵᠦ ᠲᠣᠭᠤᠰᠣ ᠶᠢ ᠪᠠᠭᠤᠷᠠᠭᠤᠯᠬᠤ ᠶᠢ ᠵᠢᠷᠤᠮᠵᠢᠭᠤᠯᠤᠨ ᠠᠵᠢᠯᠯᠠᠭᠤᠯᠵᠤ᠂ ᠵᠠᠮ ᠢ ᠮᠠᠰᠢᠨᠴᠢᠯᠠᠨ ᠴᠡᠪᠡᠷᠯᠡᠬᠦ ᠠᠵᠢᠯ ᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠴᠢᠩᠱᠠᠨ ᠲᠣᠭᠤᠷᠢᠭ ᠤᠨ ᠭᠤᠣᠯ ᠬᠤᠲᠠ ᠶᠢᠨ ᠲᠣᠭᠤᠷᠢᠭ ᠤᠨ 111 ᠰᠠᠭᠤᠷᠢ ᠨᠡᠶᠢᠲᠡ ᠶᠢᠨ ᠵᠣᠷᠯᠣᠩ ᠢ ᠲᠤᠰᠬᠠᠢ ᠬᠥᠮᠥᠨ ᠢᠶᠠᠷ ᠲᠤᠰᠬᠠᠢ ᠬᠠᠮᠢᠶᠠᠷᠤᠭᠤᠯᠬᠤ ᠶᠢ ᠦᠨᠡᠨᠬᠦ ᠪᠠᠲᠤᠯᠠᠵᠤ᠂ ᠨᠡᠭᠡᠭᠡᠬᠦ ᠴᠠᠭ ᠢ ᠪᠠᠲᠤᠯᠠᠨ᠂ ᠴᠠᠭ ᠲᠤᠬᠠᠢ ᠳᠤᠨᠢ ᠠᠷᠢᠭᠤᠨ ᠴᠡᠪᠡᠷ ᠢ ᠪᠠᠲᠤᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠬᠤ᠂ ᠪᠤᠵᠠᠷ ᠪᠥᠭᠡᠳ ᠡᠮᠬᠢ ᠵᠠᠮᠪᠠᠷᠠᠭ᠎ᠠ ᠦᠭᠡᠢ ᠪᠠᠶᠢᠬᠤ ᠦᠵᠡᠭᠳᠡᠯ ᠢ ᠦᠨᠡᠨᠬᠦ ᠪᠠᠲᠤᠯᠠᠵᠤ᠂ ᠬᠦᠷᠳᠦᠲᠦ ᠰᠠᠨᠳᠠᠯᠢ ᠶᠢᠨ ᠨᠡᠪᠲᠡᠷᠡᠬᠦ ᠵᠠᠮ᠂ ᠲᠦᠰᠢᠭᠦᠷ ᠪᠤᠶᠤ ᠢᠷᠮᠡᠭ ᠴᠢᠯᠠᠭᠤᠨ ᠨᠠᠯᠠᠤ ᠶᠢᠨ ᠵᠠᠮ ᠵᠡᠷᠭᠡ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ᠂ ᠨᠡᠶᠢᠲᠡ ᠶᠢᠨ ᠵᠣᠷᠯᠣᠩ ᠢ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠪᠣᠯᠪᠠᠰᠤᠨ ᠴᠣᠩᠬᠤ ᠶᠢ ᠭᠡᠷᠡᠯᠲᠦᠭᠦᠯᠦᠨ᠎ᠡ᠃ ᠴᠢᠩᠱᠠᠨ ᠲᠣᠭᠤᠷᠢᠭ ᠤᠨ 42 ᠰᠠᠭᠤᠷᠢ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠡᠳᠦᠷ ᠲᠤᠲᠤᠮ ᠤᠨ ᠬᠠᠮᠢᠶᠠᠷᠤᠯᠲᠠ᠂ ᠬᠠᠮᠠᠭᠠᠯᠠᠯᠲᠠ ᠶᠢ ᠰᠠᠶᠢᠲᠤᠷ ᠬᠢᠵᠦ᠂ ᠬᠤᠭ ᠨᠣᠪᠰᠢ ᠶᠢ ᠡᠳᠦᠷ ᠲᠤ ᠢᠯᠭᠠᠷᠠᠭᠤᠯᠤᠨ᠂ ᠠᠮᠤᠷ ᠲᠦᠪᠰᠢᠨ ᠢ ᠵᠢᠷᠤᠮᠵᠢᠭᠤᠯᠤᠨ ᠠᠵᠢᠯᠯᠠᠭᠤᠯᠵᠤ᠂ ᠪᠡᠯᠡᠳᠬᠡᠮᠵᠢ ᠨᠢ ᠴᠡᠪᠡᠷ᠂ ᠡᠷᠡᠭᠦᠯ ᠬᠠᠮᠠᠭᠠᠯᠠᠯ ᠤᠨ ᠬᠢᠷᠢ ᠲᠡᠩᠴᠡᠭᠰᠡᠨ ᠢ ᠰᠢᠯᠭᠠᠨ ᠲᠣᠭᠲᠠᠭᠠᠬᠤ ᠪᠠᠷᠢᠮᠵᠢᠶ᠎ᠠ ᠳᠤ ᠬᠦᠷᠦᠭᠦᠯᠦᠨ᠎ᠡ᠃      【ᠬᠥᠲᠥᠯᠥᠭᠴᠢ】      ᠰᠢᠷᠠᠮᠠᠯ ᠤᠨ ᠳᠡᠯᠭᠡᠭᠦᠷ ᠢ ᠬᠡᠷᠬᠢᠨ ᠵᠢᠷᠤᠮᠵᠢᠭᠤᠯᠤᠨ ᠬᠠᠮᠢᠶᠠᠷᠬᠤ ᠪᠠ ᠵᠠᠳᠠᠭᠠᠢ ᠰᠢᠲᠠᠭᠠᠬᠤ ᠶᠢ ᠬᠡᠷᠬᠢᠨ ᠵᠠᠰᠠᠬᠤ ᠪᠣᠶ︖       【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠼᠤᠤ ᠶᠢᠨ ᠫᠢᠩ】      ᠵᠠᠮ ᠬᠠᠷᠢᠯᠴᠠᠭ᠎ᠠ᠂ ᠬᠤᠲᠠ ᠶᠢᠨ ᠠᠷᠠᠳ ᠤᠨ ᠠᠮᠢᠳᠤᠷᠠᠯ ᠪᠠ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭᠯᠡᠭᠡᠨ ᠤ ᠴᠢᠳᠠᠮᠵᠢ ᠶᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠬᠠᠷᠢᠶᠠᠲᠤ ᠣᠷᠣᠨ ᠤ ᠰᠢᠷᠠᠮᠠᠯ ᠤᠨ ᠳᠡᠯᠭᠡᠭᠦᠷ ᠲᠤ ᠴᠥᠮ ︽ᠭᠤᠷᠪᠠ ᠶᠢ ᠲᠣᠭᠲᠠᠭᠠᠵᠤ ᠬᠤᠶᠠᠷ ᠢ ᠨᠢᠭᠡᠳᠬᠡᠬᠦ︾ ᠪᠠᠷᠢᠮᠵᠢᠶ᠎ᠠ ᠪᠠᠷ ᠵᠢᠷᠤᠮᠵᠢᠭᠤᠯᠤᠨ ᠬᠠᠮᠢᠶᠠᠷᠤᠨ᠎ᠠ᠂ ᠲᠤᠬᠠᠶᠢᠯᠠᠪᠠᠯ ᠲᠣᠭᠲᠠᠮᠠᠯ ᠡᠵᠡᠩᠨᠡᠯᠲᠡ ᠶᠢᠨ ᠣᠷᠣᠨ ᠪᠠᠶᠢᠷᠢ᠂ ᠡᠵᠡᠩᠨᠡᠯᠲᠡ ᠶᠢᠨ ᠲᠠᠯᠠᠪᠠᠶ︔ ᠲᠣᠭᠲᠠᠮᠠᠯ ᠡᠵᠡᠩᠨᠡᠯᠲᠡ ᠶᠢᠨ ᠴᠠᠭ ᠨᠢ 18᠄ 00 — 23᠄ 00᠂ ᠲᠣᠰ ᠴᠠᠭ ᠎ ᠠᠴᠠ ᠭᠠᠳᠠᠨ᠎ᠠ ᠳᠡᠯᠭᠡᠭᠦᠷ ᠠᠴᠠ ᠭᠠᠷᠴᠤ ᠳᠡᠯᠭᠡᠨ ᠲᠠᠯᠪᠢᠬᠤ ᠶᠢ ᠴᠢᠩᠭ᠎ᠠ ᠴᠠᠭᠠᠵᠠᠯᠠᠨ᠎ᠠ︔ ᠨᠡᠷᠡᠨ ᠤ ᠬᠠᠯᠬᠠᠪᠴᠢ ᠰᠠᠷᠠᠪᠴᠢ᠂ ᠪᠣᠬᠢᠷᠲᠤᠯ ᠢ ᠰᠡᠷᠭᠡᠶᠢᠯᠡᠬᠦ ᠬᠡᠪᠢᠰ ᠢ ᠨᠢᠭᠡᠳᠬᠡᠵᠦ᠂ ᠬᠤᠭ ᠨᠣᠪᠰᠢ ᠶᠢᠨ ᠰᠠᠪᠠ ᠶᠢᠨ ᠪᠠᠷᠢᠮᠵᠢᠶ᠎ᠠ ᠶᠢ ᠨᠢᠭᠡᠳᠬᠡᠨ᠎ᠡ᠃ ᠣᠲᠣ ᠪᠣᠯᠲᠠᠯ᠎ᠠ᠂ ᠨᠡᠶᠢᠲᠡ 98 ᠰᠢᠷᠠᠮᠠᠯ ᠤᠨ ᠳᠡᠯᠭᠡᠭᠦᠷ ᠤᠨ ᠭᠠᠳᠠᠨ᠎ᠠ ᠲᠠᠯᠪᠢᠬᠤ ᠶᠢ ᠵᠢᠷᠤᠮᠵᠢᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠮᠬᠢ ᠵᠢᠷᠤᠮ ᠪᠠ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠪᠠ᠃ ︽ᠵᠡᠭᠡᠯᠢ ᠶᠢᠨ ᠳᠠᠷᠤᠭ᠎ᠠ ᠶᠢᠨ ᠳᠦᠷᠢᠮ︾᠎ ᠢ ᠲᠣᠥᠷᠵᠢᠭᠤᠯᠤᠨ ᠲᠣᠭᠤᠷᠢᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠵᠠᠳᠠᠭᠠᠢ ᠰᠢᠲᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠵᠠᠳᠠᠭᠠᠢ ᠰᠢᠲᠠᠭᠠᠬᠤ ᠬᠤᠭ ᠨᠣᠪᠰᠢ᠂ ᠮᠣᠳᠣᠨ ᠨᠠᠪᠴᠢ᠂ ᠰᠢᠲᠠᠭᠠᠬᠤ ᠨᠡᠭᠦᠷᠡᠰᠦ ᠶᠢ ᠰᠤᠯᠠ ᠰᠢᠲᠠᠭᠠᠬᠤ ᠵᠡᠷᠭᠡ ᠠᠭᠠᠷ ᠢ ᠪᠣᠬᠢᠷᠲᠤᠭᠤᠯᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠢᠭᠡ ᠭᠠᠵᠠᠷ ᠪᠠᠶᠢᠬᠤ ᠶᠢ ᠣᠯᠵᠤ ᠮᠡᠳᠡᠪᠡᠯ ᠲᠡᠷᠡ ᠳᠠᠷᠤᠢ ᠳᠤᠨᠢ ᠬᠤᠷᠢᠭᠯᠠᠨ ᠵᠣᠭᠰᠣᠭᠠᠨ᠎ᠠ᠃      【ᠬᠥᠲᠥᠯᠥᠭᠴᠢ】      ᠲᠡᠷᠭᠡᠨ ᠵᠣᠭᠰᠣᠭᠠᠯ ᠤᠨ ᠳᠠᠩᠰᠠᠯᠠᠯᠲᠠ ᠵᠢᠴᠢ ᠵᠠᠮ ᠤᠨ ᠵᠠᠬ᠎ᠠ ᠶᠢᠨ ᠴᠢᠯᠠᠭᠤ ᠠᠴᠠ ᠳᠡᠭᠡᠭᠰᠢᠬᠢ ᠲᠡᠷᠭᠡᠨ ᠵᠣᠭᠰᠣᠭᠠᠯ ᠤᠨ ᠪᠠᠶᠢᠷᠢᠯᠠᠯ ᠢ ᠬᠡᠷᠬᠢᠨ ᠬᠠᠮᠢᠶᠠᠷᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠼᠤᠤ ᠶᠢᠨ ᠫᠢᠩ】      ᠨᠢᠭᠡ ᠳᠤ ᠨᠢᠭᠡᠨᠲᠡ ᠳᠠᠩᠰᠠᠯᠠᠭᠤᠯᠤᠭᠰᠠᠨ 31 ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠳᠤ ᠡᠳᠦᠷ ᠲᠤᠲᠤᠮ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠬᠦ ᠪᠠᠷ ᠱᠠᠭᠠᠷᠳᠠᠵᠤ᠂ ᠵᠤᠯ ᠵᠢᠡᠭᠠᠯᠲᠦ ᠵᠠᠮ ᠤᠨ 2# ᠬᠦᠷᠢᠶᠡᠨ ᠤ ᠨᠢᠭᠡ ᠬᠤᠪᠢ ᠪᠠᠷ ᠢᠶᠠᠨ ᠭᠠᠷᠭᠠᠭᠰᠠᠨ ᠲᠡᠷᠭᠡᠨ ᠵᠣᠭᠰᠣᠭᠠᠯ  ᠢ ᠬᠦᠴᠦᠨ ᠦᠭᠡᠢ ᠪᠤᠯᠭᠠᠪᠠ᠃ ᠬᠤᠶᠠᠷ ᠲᠤ᠂ ᠴᠢᠩᠱᠠᠨ ᠤ ᠬᠠᠷᠢᠶ᠎ᠠ ᠣᠷᠣᠨ ᠤ ᠵᠠᠮ ᠤᠨ ᠵᠠᠬ᠎ᠠ ᠶᠢᠨ ᠴᠢᠯᠠᠭᠤ ᠎ ᠠᠴᠠ ᠳᠡᠭᠡᠭᠰᠢᠬᠢ ᠲᠡᠷᠭᠡ ᠵᠣᠭᠰᠣᠬᠤ ᠪᠠᠶᠢᠷᠢ ᠶᠢ ᠲᠣᠬᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠪᠦᠷᠢᠳᠬᠡᠨ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠵᠠᠮ ᠤᠨ ᠵᠠᠬ᠎ᠠ ᠶᠢᠨ ᠴᠢᠯᠠᠭᠤ ᠎ ᠠᠴᠠ ᠳᠡᠭᠡᠭᠰᠢᠬᠢ ᠲᠡᠷᠭᠡ ᠵᠣᠭᠰᠣᠬᠤ ᠪᠠᠶᠢᠷᠢ ᠶᠢ ᠵᠦᠢ ᠵᠣᠬᠢᠰᠲᠠᠢ ᠵᠠᠭᠠᠭᠯᠠᠨ ᠲᠤᠭᠲᠠᠭᠠᠨ᠎ᠠ᠃      【ᠬᠥᠲᠥᠯᠥᠭᠴᠢ】      ᠬᠤᠳᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠤᠨ ᠬᠠᠮᠢᠶᠠᠷᠤᠯᠲᠠ ᠳᠤ ᠪᠠᠶᠢᠩᠭᠤᠵᠢᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠬᠢᠨ ᠪᠠᠲᠤᠯᠠᠬᠤ ᠪᠤᠢ︖ ᠪᠣᠳᠠᠲᠠᠢ ᠪᠠᠷ ᠶᠠᠮᠠᠷ ᠬᠡᠳᠦᠨ ᠲᠠᠯ᠎ᠠ ᠳᠤ ᠢᠯᠡᠷᠡᠵᠦ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠼᠤᠤ ᠶᠢᠨ ᠫᠢᠩ】      2023 ᠣᠨ ᠳᠤ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ 2023 ᠣᠨ ᠤ ᠬᠤᠲᠠ ᠶᠢᠨ ᠦᠵᠡᠮᠵᠢ ᠶᠢᠨ ᠡᠮᠬᠢ ᠳᠢᠭᠯᠢᠮ ᠢ ᠬᠠᠮᠢᠶᠠᠷᠤᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠥᠯ︾᠂ ︽ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ 2023 ᠣᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠢ ᠲᠣᠭᠲᠠᠭᠠᠪᠠ᠃ ᠴᠡᠭᠴᠡᠯᠡᠨ ᠵᠠᠰᠠᠬᠤ ᠡᠭᠦᠷᠭᠡ ᠪᠠ ᠴᠠᠭ ᠬᠤᠭᠤᠴᠠᠭᠠᠨ ᠤ ᠲᠣᠬᠢᠷᠠᠭᠤᠯᠤᠯᠲᠠ ᠶᠣᠰᠣᠭᠠᠷ᠂ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠭᠠᠷᠠᠭᠤᠯᠤᠨ ᠴᠡᠭᠴᠡᠯᠡᠬᠦ ᠡᠷᠴᠢᠮ ᠢ ᠴᠢᠩᠭᠠᠷᠠᠭᠤᠯᠵᠤ᠂ ᠬᠤᠳᠠᠯᠳᠤᠭᠠᠨ ᠤ ᠡᠷᠦᠬᠡ ᠶᠢ ᠱᠠᠯᠠᠪᠳᠠᠭᠤᠯᠵᠦ ᠪᠠᠶᠢᠭᠠᠳ ︽ᠡᠭᠦᠳᠡᠨ ᠡᠮᠦᠨ᠎ᠡ ᠠᠷᠤ ᠬᠤᠶᠢᠨ᠎ᠠ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠲᠦᠯᠬᠢᠨ  ᠠᠬᠢᠭᠤᠯᠤᠨ᠎ᠠ᠃      ᠡᠨᠡ ᠵᠢᠯ᠂ ᠮᠠᠨ ᠤ ᠲᠣᠪᠴᠢᠶ᠎ᠠ ᠯᠦᠩ ᠵᠢᠶᠠᠩ ᠵᠠᠮ᠂ ᠦᠦᠰᠢᠨ ᠵᠠᠮ᠂ ᠴᠢᠩ ᠶᠦᠨ ᠲᠣᠭᠤᠷᠢᠭ ᠤᠨ ᠵᠠᠮ᠂ ᠪᠧᠢ ᠰᠢᠨ ᠪᠠᠭ᠎ᠠ ᠲᠣᠭᠤᠷᠢᠭ ᠤᠨ ᠬᠤᠶᠢᠲᠤ ᠲᠠᠯ᠎ᠠ ᠶᠢᠨ ᠵᠠᠮ᠂ ᠴᠠᠬᠢᠯᠭᠠᠨ ᠬᠦᠴᠦᠨ ᠤ ᠵᠢᠶᠠ ᠶᠤᠸᠠᠨ ᠲᠣᠭᠤᠷᠢᠭ ᠤᠨ ᠵᠠᠮ ᠵᠡᠷᠭᠡ 10 ᠵᠡᠭᠡᠯᠢ ᠭᠤᠳᠤᠮᠵᠢ ᠶᠢ ᠴᠡᠭᠴᠡᠯᠡᠨ ᠵᠠᠰᠠᠵᠤ᠂ ᠬᠠᠷᠢᠯᠴᠠᠨ ᠬᠠᠪᠰᠤᠷᠤᠯᠴᠠᠬᠤ ᠵᠠᠮ᠂ ᠸᠠᠩ ᠶᠤᠸᠠᠨ ᠳᠤᠮᠳᠠ ᠵᠠᠮ ᠵᠡᠷᠭᠡ 2 ᠵᠢᠱᠢᠶ᠎ᠡ ᠦᠵᠡᠭᠦᠯᠬᠦ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠠᠷᠠᠳᠴᠢᠯᠠᠯ ᠤᠨ ᠵᠠᠮ ᠤᠨ ︽ᠬᠥᠳᠡᠯᠮᠦᠷᠢᠴᠢᠳ ᠤᠨ ᠭᠡᠷ︾᠎ ᠢ ᠪᠦᠲᠦᠭᠡᠨ ᠪᠠᠶᠢᠭᠤᠯᠪᠠ᠃      ᠰᠥᠨᠢ ᠶᠢᠨ ᠠᠵᠤ ᠠᠬᠤᠢ ᠶᠢ ᠬᠥᠭᠵᠢᠶᠡᠨᠲᠡᠢ ᠪᠣᠯᠭᠠᠬᠤ ᠬᠠᠷᠠᠯᠲᠠ ᠶᠢᠨ ᠲᠣᠭᠤᠷᠢᠨ ᠳᠤ ᠵᠧᠩ ᠰᠢᠶᠠᠩ ᠸᠠᠨ  ᠰᠥᠨᠢ ᠶᠢᠨ ᠵᠠᠬ᠎ᠠ ᠳᠡᠯᠭᠡᠭᠦᠷ᠂ ᠸᠠᠨ ᠳ᠋ᠠ ᠰᠥᠨᠢ ᠶᠢᠨ ᠵᠠᠬ᠎ᠠ ᠳᠡᠯᠭᠡᠭᠦᠷ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠰᠥᠨᠢ ᠶᠢᠨ ᠵᠠᠬ᠎ᠠ ᠳᠡᠯᠭᠡᠭᠦᠷ ᠵᠡᠷᠭᠡ 3 ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠵᠤ᠂ ︽ᠭᠤᠷᠪᠠ ᠶᠢ ᠲᠣᠭᠲᠠᠭᠠᠵᠤ ᠬᠤᠶᠠᠷ ᠢ ᠨᠢᠭᠡᠳᠬᠡᠬᠦ︾ ᠪᠠᠷᠢᠮᠵᠢᠶ᠎ᠠ ᠶᠣᠰᠣᠭᠠᠷ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃      ᠴᠢᠩᠱᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠳᠠ ᠶᠢᠨ ᠵᠠᠰᠠᠯᠲᠠ ᠶᠢ ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠶᠢᠨ ᠦᠵᠡᠮᠵᠢ ᠶᠢᠨ ᠡᠮᠬᠢ ᠳᠢᠭᠯᠢᠮ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠮᠬᠢ ᠳᠢᠭᠯᠢᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠴᠢᠨᠠᠷ ᠰᠠᠶᠢᠲᠠᠢ ᠬᠤᠳᠠ ᠶᠢᠨ ᠳᠦᠷᠰᠦ ᠪᠠᠶᠢᠳᠠᠯ ᠢ ᠪᠤᠢ ᠪᠣᠯᠭᠠᠬᠤ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠴᠢᠩᠱᠠᠨ ᠲᠣᠭᠤᠷᠢᠭ ᠤᠨ ᠬᠥᠭᠵᠢᠯᠲᠡ ᠶᠢ ᠠᠬᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号