ᠶᠠᠫᠥᠨ ᠢ ᠡᠰᠡᠷᠭᠦᠴᠡᠬᠦ ᠲᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠵᠠᠯᠠᠭᠤ ᠨᠠᠰᠣᠨ ᠤ ᠡᠭᠦᠷᠭᠡ ᠬᠠᠷᠢᠭᠤᠴᠠᠯᠭ᠎ᠠ ᠪᠠᠨ ᠥᠯᠣ ᠮᠠᠷᠳᠠᠨᠠᠮ
ᠨᠡᠶᠢᠲᠡᠯᠡᠭᠰᠡᠨ ᠴᠠᠭ᠄
2023/9/13
      ᠲᠣᠮᠳᠠᠳᠣ ᠣᠯᠣᠰ ᠤᠨ ᠠᠷᠠᠳ ᠲᠥᠮᠡᠨ ᠤ ᠶᠠᠫᠥᠨ ᠢ ᠡᠰᠡᠷᠭᠦᠴᠡᠬᠦ ᠲᠠᠶᠢᠨ ᠵᠢᠴᠢ ᠲᠡᠯᠡᠭᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠳᠠ ᠣᠯᠣᠭᠰᠠᠨ 78 ᠵᠢᠯ ᠤᠨ ᠣᠢ ᠶᠢ ᠲᠣᠷᠠᠰᠬᠠᠬᠤ ᠶᠢᠨ ᠲᠠᠰᠢᠷᠠᠮ ᠳᠤ᠂ ᠲᠡᠣᠭᠡ ᠶᠢᠨ ᠠᠭᠤᠣ ᠶᠡᠭᠡ ᠥᠢᠯᠡᠰ ᠢ ᠰᠡᠳᠬᠢᠯ ᠳᠡᠭᠡᠨ ᠪᠠᠳᠣ ᠴᠡᠭᠡᠵᠢᠯᠡᠵᠣ᠂ ᠠᠬᠠᠮᠡᠳ‌ᠨᠢᠬᠡ ᠥᠶ᠎ᠡ ᠵᠢᠨ‌‍ᠬᠢᠨ ᠤ ᠵᠣᠷᠢᠭ ᠰᠠᠨᠠᠭ᠎ᠠ ᠶᠢ ᠵᠠᠯᠭᠠᠮᠵᠢᠯᠠᠨ᠂ ᠣᠯᠣᠰ ᠢᠶᠠᠨ ᠬᠠᠶᠢᠷᠠᠯᠠᠬᠤ ᠥᠵᠡᠯ ᠢᠶᠠᠷ ᠭᠤᠣᠯ ᠪᠣᠯᠭᠠᠭᠰᠠᠨ ᠠᠭᠤᠣ ᠶᠡᠭᠡ ᠥᠨᠳᠥᠰᠥᠳᠡᠨ ᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠵᠠᠯᠠᠭᠤ ᠰᠣᠷᠣᠭᠴᠢᠳ ᠤᠨ ᠰᠢᠨ᠎ᠡ ᠴᠠᠭ ᠥᠶ᠎ᠡ ᠶᠢᠨ ᠣᠯᠣᠰ ᠢᠶᠠᠨ ᠬᠠᠶᠢᠷᠠᠯᠠᠬᠤ ᠥᠵᠡᠯ ᠤᠨ ᠬᠥᠮᠥᠵᠢᠯ ᠪᠣᠯᠣᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠥᠮᠥᠵᠢᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠡ ᠳᠤ᠂ ᠪᠣᠭᠤᠳᠣ ᠶᠢᠨ ᠲᠥᠷᠪᠡᠳᠣᠭᠡᠷ ᠲᠣᠮᠳᠠᠳᠣ ᠰᠣᠷᠭᠠᠭᠤᠯᠢ ᠶᠢᠨ ᠬᠢᠨ ᠡᠯ᠎ᠡ ᠠᠩᠬᠢ ᠶᠢ ᠵᠣᠬᠢᠶᠠᠨ ᠪᠠᠶᠢᠭᠤᠯᠵᠣ᠂ ︽ᠶᠠᠫᠥᠨ ᠢ ᠡᠰᠡᠷᠭᠦᠴᠡᠬᠦ ᠲᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠵᠠᠯᠠᠭᠤ ᠨᠠᠰᠣᠨ ᠤ ᠡᠭᠦᠷᠭᠡ ᠬᠠᠷᠢᠭᠤᠴᠠᠯᠭ᠎ᠠ ᠪᠠᠨ ᠥᠯᠣ ᠮᠠᠷᠳᠠᠬᠤ︾ ᠭᠤᠣᠯ ᠰᠡᠳᠣᠪᠳᠣ ᠡᠪᠯᠡᠯ ᠤᠨ ᠬᠢᠴᠢᠶᠡᠯ ᠤᠨ ᠠᠵᠢᠯᠯᠠᠭ᠎ᠠ ᠶᠢ ᠥᠷᠨᠢᠬᠦᠯᠪᠠ᠃      1945 ᠣᠨ ᠤ 9 ᠰᠠᠷ᠎ᠠ ᠶᠢᠨ 3 ᠤ ᠡᠳᠣᠷ᠂ ᠭᠠᠰᠠᠯᠠᠩ ᠵᠣᠪᠠᠯᠠᠩ ᠢ ᠬᠠᠰᠢᠷᠠᠳᠠᠯ᠎ᠠ ᠠᠮᠰᠠᠵᠣ᠂ ᠡᠷᠡᠯᠭᠡᠭ ᠪᠠᠭᠠᠳᠣᠷᠯᠢᠭ ᠢᠶᠠᠷ ᠡᠰᠡᠷᠭᠦᠴᠡᠨ ᠲᠡᠮᠡᠴᠡᠭᠰᠡᠨ ᠲᠣᠮᠳᠠᠳᠣ ᠶᠢᠨ ᠠᠷᠠᠳ ᠲᠥᠮᠡᠨ ᠡᠴᠣᠰ ᠲᠡᠭᠡᠨ ᠹᠠᠱᠢᠰ ᠤᠨ ᠬᠠᠷᠬᠢᠰ ᠭᠡᠷᠴᠡᠭᠡᠢ ᠲᠡᠭᠡᠷᠡᠮᠳᠡᠯᠭᠡ ᠶᠢ ᠣᠰᠠᠳᠬᠠᠵᠣ᠂ ᠡᠴᠣᠰ ‍ᠤᠨ‌ᠢᠯᠡᠯᠳᠡ ᠶᠢ ᠣᠯᠣᠭᠰᠠᠨ ᠪᠠᠶᠢᠨ᠎ᠠ᠃ ᠡᠯ᠎ᠡ ᠠᠩᠬᠢ ᠶᠢᠨ ᠬᠢᠨ ᠶᠠᠫᠥᠨ ᠢ ᠡᠰᠡᠷᠭᠦᠴᠡᠬᠦ ᠲᠠᠶᠢᠨ ᠤ ᠲᠡᠣᠭᠡ ᠶᠢ ᠡᠷᠬᠢᠴᠡᠬᠦᠯᠬᠦ᠂ ᠥᠷᠡᠭᠳᠡᠭᠰᠡᠨ ᠪᠠᠭᠠᠳᠣᠷᠴᠣᠳ ᠲᠤ ᠭᠥᠨᠳᠣᠳᠭᠡᠯ ᠲᠡᠪᠰᠢᠭᠦᠯᠬᠦ᠂ ᠡᠩᠬᠡ ᠲᠠᠶᠢᠪᠣᠩ ᠠᠮᠢᠳᠣᠷᠠᠯ ᠢ ᠨᠠᠨᠳᠢᠩᠨᠠᠨ ᠬᠠᠶᠢᠷᠠᠯᠠᠬᠤ ᠵᠡᠷᠭᠡ ᠠᠭᠤᠯᠭ᠎ᠠ ᠪᠠᠷ ᠭᠤᠣᠯᠳᠠᠭᠤᠯᠵᠣ᠂ ᠲᠣᠮᠳᠠᠳᠣ ᠶᠢᠨ ᠠᠷᠠᠳ ᠲᠥᠮᠡᠨ ᠤ ᠲᠥᠷᠢᠮᠡᠭᠡᠶᠢᠯᠡᠬᠦ ᠲᠠᠶᠢᠨ ᠢ ᠡᠰᠡᠷᠭᠦᠴᠡᠭᠰᠡᠨ ᠲᠦᠷᠦᠭᠦᠨ ᠤ ᠬᠢᠨᠢ ᠦᠷᠡᠭᠳᠡᠲᠡᠯ᠎ᠡ ᠳᠠᠷᠠᠭᠠᠬᠢ ᠨᠢ ᠳᠠᠪᠰᠢᠬᠤ᠂ ᠪᠡᠶ᠎ᠡ ᠪᠠᠨ ᠴᠥᠯᠡᠬᠦ ᠪᠠᠭᠠᠳᠣᠷᠯᠢᠭ ᠥᠢᠯᠡᠨ ᠠᠵᠢᠯᠯᠠᠭ᠎ᠠ ᠶᠢ ᠡᠷᠭᠢᠴᠡᠭᠦᠯᠵᠣ᠂ ᠲᠣᠮᠳᠠᠳᠣ ᠶᠢᠨ ᠠᠷᠠᠳ ᠲᠥᠮᠡᠨ ᠤ ᠶᠠᠫᠥᠨ ᠢ ᠡᠰᠡᠷᠭᠦᠴᠡᠬᠦ ᠲᠠᠶᠢᠨ ᠤ ᠢᠯᠡᠯᠳᠡ ᠶᠢᠨ ᠲᠣᠷᠠᠰᠬᠠᠯ ᠤᠨ ᠡᠳᠣᠷ ᠤᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠣᠶᠢᠯᠠᠭᠠᠭᠰᠠᠨ ᠪᠠᠶᠢᠨ᠎ᠠ᠃       ᠨᠥᠭᠴᠢᠭᠰᠡᠨ ᠪᠠᠭᠠᠳᠣᠷᠴᠣᠳ ᠢ ᠮᠥᠷᠥᠭᠡᠳᠣᠨ ᠰᠠᠨᠠᠭᠠᠯᠵᠠᠵᠣ ᠪᠠᠶᠢᠭ᠎ᠠ ᠨᠢ ᠨᠡᠩ ᠬᠥᠨᠵᠡᠭᠡᠢ ᠰᠡᠳᠬᠢᠯ ᠳᠡᠭᠡᠨ ᠪᠠᠳᠣ ᠴᠡᠭᠡᠵᠢᠯᠡᠬᠦ ᠶᠢᠨ ᠲᠥᠯᠥᠭᠡ ᠪᠠᠶᠢᠵᠣ᠂ ᠰᠡᠳᠬᠢᠯ ᠳᠡᠭᠡᠨ ᠪᠠᠳᠣ ᠴᠡᠭᠡᠵᠢᠯᠡᠬᠦ ᠨᠢ ᠨᠡᠩ ᠭᠤᠶᠢᠪᠢᠰᠢ ᠥᠭᠡᠢ ᠣᠷᠣᠭᠰᠢᠯᠠᠬᠤ ᠶᠢᠨ ᠲᠥᠯᠥᠭᠡ ᠶᠣᠮ᠃ ᠲᠣᠰ ᠣᠳᠠᠭᠠᠨ ᠤ ᠠᠵᠢᠯᠯᠠᠭ᠎ᠠ ᠶᠢᠨ ᠭᠤᠣᠯ ᠵᠣᠷᠢᠯᠭ᠎ᠠ ᠨᠢ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠵᠣ᠂ ᠰᠣᠷᠣᠭᠴᠢᠳ ᠢ ᠭᠥᠳᠥᠯᠥᠨ ᠲᠠᠭᠠᠭᠤᠯᠵᠣ᠂ ᠶᠠᠫᠥᠨ ᠢ ᠡᠰᠡᠷᠭᠦᠴᠡᠬᠦ ᠲᠠᠶᠢᠨ ᠤ ᠲᠡᠣᠭᠡ ᠶᠢ ᠥᠯᠣ ᠮᠠᠷᠳᠡᠨ᠂ ᠠᠭᠤᠣ ᠶᠡᠭᠡ  ᠶᠠᠫᠥᠨ ᠢ ᠡᠰᠡᠷᠭᠦᠴᠡᠬᠦ ᠲᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠣ᠂ ᠰᠣᠷᠣᠭᠴᠢᠳ ᠤᠨ ᠨᠠᠮ ᠢᠶᠠᠨ ᠬᠠᠶᠢᠷᠠᠯᠠᠬᠤ᠂ ᠣᠯᠣᠰ ᠢᠶᠠᠨ ᠬᠠᠶᠢᠷᠠᠯᠠᠬᠤ᠂ ᠰᠣᠷᠭᠠᠭᠤᠯᠢ ᠪᠠᠨ ᠬᠠᠶᠢᠷᠠᠯᠠᠬᠤ᠂ ᠠᠩᠬᠢ ᠪᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠵᠣ᠂ ᠭᠥᠰᠡᠯᠡᠩ  ᠲᠠᠢ᠂ ᠵᠣᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠭᠥᠴᠢᠷ ᠵᠣᠪᠠᠭᠤᠷᠢ ᠶᠢ ᠠᠮᠰᠠᠵᠣ ᠲᠡᠶᠢᠯᠬᠦ᠂ ᠰᠢᠨ᠎ᠡ ᠴᠠᠭ ᠥᠶ᠎ᠡ ᠶᠢᠨ ᠰᠠᠶᠢᠨ ᠵᠠᠯᠠᠭᠤᠴᠣᠳ ᠪᠣᠯᠬᠤ ᠪᠠᠷ ᠴᠢᠷᠮᠠᠶᠢᠵᠣ᠂ ᠪᠥᠯᠭᠦᠮᠳᠡᠨ ᠲᠠᠮᠡᠴᠡᠵᠣ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢᠨ ᠲᠣᠮᠳᠠᠳᠣ ᠶᠢᠨ ᠵᠡᠭᠦᠳᠣ ᠶᠢ ᠲᠡᠷᠭᠡᠯᠰᠢᠭᠦᠯᠬᠦ ᠶᠢᠨ ᠲᠥᠯᠥᠭᠡ ᠬᠥᠴᠣ ᠪᠠᠨ ᠬᠠᠮᠳᠣᠳᠬᠠᠨ ᠣᠷᠣᠭᠰᠢᠯᠠᠬᠤ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号