ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠳᠤ ᠬᠡᠷᠡᠭᠯᠡᠬᠦ 2 ᠬᠡᠰᠡᠭ ᠭᠠᠵᠠᠷ ᠠᠮᠵᠢᠯᠲᠠ ᠲᠠᠢ ᠪᠠᠷ ᠦᠨ᠎ᠡ ᠬᠠᠶᠠᠨ ᠬᠤᠳᠠᠯᠳᠤᠪᠠ
ᠨᠡᠶᠢᠲᠡᠯᠡᠭᠰᠡᠨ ᠴᠠᠭ᠄
2023/9/14
      ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ ᠴᠢᠩ ᠳ᠋ᠡ ᠱᠤᠭᠤᠮ ᠠᠴᠠ ᠡᠮᠦᠨᠡᠰᠢ᠂ A3 ᠵᠠᠮ ᠠᠴᠠ ᠪᠠᠷᠠᠭᠤᠨᠰᠢᠬᠢ 2 ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ 2023 ᠣᠨ ᠤ 8 ᠰᠠᠷ᠎ᠠ ᠶᠢᠨ 8 ᠎ ᠤ ᠡᠳᠦᠷ ᠭᠠᠵᠠᠷ ᠰᠢᠷᠣᠢ ᠦᠯᠦ ᠬᠥᠳᠡᠯᠬᠦ ᠬᠥᠷᠥᠩᠭᠡ ᠶᠢ ᠫᠠᠶᠢᠰᠠ ᠡᠯᠭᠦᠨ ᠵᠠᠷᠯᠠᠨ ᠨᠡᠶᠢᠲᠡᠯᠡᠵᠦ᠂ 9 ᠰᠠᠷ᠎ᠠ ᠶᠢᠨ 6᠎ ᠤ ᠡᠳᠦᠷ ᠵᠢᠩᠬᠢᠨᠢ ᠪ᠊ ᠵᠠᠷᠯᠠᠯ ᠢ ᠦᠩᠭᠡᠷᠡᠭᠦᠯᠪᠡ᠃      ᠲᠣᠰ ᠣᠷᠣᠨ ᠪᠦᠰᠡ ᠶᠢᠨ ᠬᠡᠪᠴᠢᠶᠡᠨ ᠳᠤ 28 ᠵᠤᠷᠪᠤᠰ ᠲᠠᠩ ᠲᠠᠯᠠᠰᠲᠤ N ᠬᠡᠯᠪᠡᠷᠢ ᠶᠢᠨ TOPcon ᠥᠨᠳᠥᠷ ᠦᠷ᠎ᠡ ᠠᠰᠢᠭᠲᠤ ᠨᠡᠷᠡᠨ ᠡᠨᠧᠷᠭᠢ ᠶᠢᠨ ᠳ᠋ᠢᠶᠠᠨ ᡂᠢ ᠶᠢᠨ ᠢᠯᠲᠠᠰᠤ ᠶᠢᠨ ᠦᠢᠯᠡᠳᠪᠦᠷᠢᠯᠡᠯ ᠤᠨ ᠱᠤᠭᠤᠮ᠂ ᠬᠥᠳᠡᠯᠭᠡᠬᠦ ᠬᠦᠴᠦᠨ ᠤ ᠥᠷᠲᠡᠭᠡ᠂ ᠪᠣᠬᠢᠷ ᠤᠰᠤ ᠰᠢᠢᠳᠪᠦᠷᠢᠯᠡᠬᠦ ᠥᠷᠲᠡᠭᠡ᠂ ᠣᠨᠴᠠ ᠬᠡᠢ ᠶᠢᠨ ᠥᠷᠲᠡᠭᠡ᠂ ᠠᠭᠠᠷ ᠤᠨ ᠬᠤᠪᠢᠶᠠᠷᠢ ᠥᠷᠲᠡᠭᠡ᠂ ᠡᠯ᠎ᠡ ᠲᠥᠷᠥᠯ ᠤᠨ ᠬᠥᠮᠥᠷᠭᠡ ᠵᠡᠷᠭᠡ ᠲᠥᠬᠦᠭᠡᠷᠦᠮᠵᠢ ᠶᠢᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠭᠲᠠᠮᠠᠯ ᠪᠡᠯᠡ ᠣᠷᠣᠭᠤᠯᠤᠯᠲᠠ ᠪᠠᠷᠤᠭ 40 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠰᠢᠨ᠎ᠡ ᠪᠠᠷ ᠠᠵᠢᠯ ᠣᠯᠣᠭᠰᠠᠨ ᠬᠥᠮᠥᠨ ᠤ ᠲᠤᠭ᠎ᠠ 2600 ᠬᠥᠮᠥᠨ ᠨᠡᠮᠡᠭᠳᠡᠬᠦ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠦᠷᠭᠦᠯᠵᠢᠯᠡᠨ ᠴᠢᠨᠠᠷ ᠰᠠᠶᠢᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠲᠦᠷᠦᠯ ᠵᠦᠢᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠦᠷᠦᠯ ᠵᠦᠢᠯ ᠢ ᠠᠵᠢᠯ ᠡᠷᠲᠡ ᠡᠬᠢᠯᠡᠭᠦᠯᠬᠦ᠂ ᠠᠰᠢᠭᠯᠠᠯᠲᠠ ᠳᠤ ᠡᠷᠲᠡ‌ᠣᠷᠣᠭᠤᠯᠬᠤ᠂ ᠦᠢᠯᠡᠳᠪᠦᠷᠢᠯᠡᠬᠦ ᠶᠢ ᠡᠷᠲᠡ ᠠᠬᠢᠭᠤᠯᠵᠤ᠂ ︽ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠬᠦ ᠪᠠᠷ ᠬᠦᠴᠦᠯᠡᠨ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号