ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ︽ᠬᠤᠤᠰ ᠪᠠᠶᠠᠷ︾ ᠤᠨ ᠬᠤᠭᠤᠴᠠᠭᠠᠨ ᠤ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/9/15
      ᠣᠶᠢᠷ᠎ᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠩᠱᠠᠨ ᠬᠤᠪᠢᠶᠠᠷᠢ ᠲᠣᠪᠴᠢᠶ᠎ᠠ  ᠪᠠ ᠡᠯ᠎ᠡ ᠠᠷᠢᠬᠢᠨ ᠤ ᠵᠦᠢᠯ ᠤᠨ ᠠᠵᠤ ᠠᠬᠤᠶᠢᠯᠠᠯ ᠤᠨ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠮᠡᠷᠭᠡᠵᠢᠯ ᠤᠨ ᠠᠵᠢᠯᠲᠠᠨ ᠲᠠᠢ ᠬᠠᠮᠲᠤᠷᠠᠨ ᠴᠢᠩᠱᠠᠨ ᠲᠣᠭᠤᠷᠢᠭ ᠤᠨ ᠬᠡᠪᠴᠢᠶᠡᠨ ᠳᠤ ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ︽ᠬᠤᠶᠠᠷ ᠪᠠᠶᠠᠷ︾ ᠤᠨ ᠬᠤᠭᠤᠴᠠᠭᠠᠨ ᠳᠤ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠠᠵᠢᠯᠯᠠᠭ᠎ᠠ ᠶᠢᠨ ᠳᠤᠮᠳᠠ ᠬᠠᠭᠤᠷᠮᠠᠭ ᠠᠷᠢᠬᠢᠨ ᠤ ᠵᠦᠢᠯ ᠢ ᠦᠢᠯᠡᠳᠴᠦ ᠪᠣᠷᠣᠯᠠᠭᠤᠯᠬᠤ 1 ᠭᠠᠵᠠᠷ ᠢ ᠡᠪᠳᠡᠵᠦ᠂  ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠨᠢᠭᠡᠨᠲᠡ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠵᠦ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ ᠰᠡᠵᠢᠭᠯᠡᠯᠲᠡᠢ 20 ᠭᠠᠷᠤᠢ ᠬᠠᠶᠢᠷᠴᠠᠭ ᠨᠠᠷᠠᠲᠤ ᠲᠡᠮᠳᠡᠭᠲᠦ ᠬᠠᠷ᠎ᠠ ᠠᠷᠢᠬᠢ᠂ 100 ᠭᠠᠷᠤᠢ ᠬᠠᠶᠢᠷᠴᠠᠭ ᠤᠨ ᠡᠷᠬᠡ ᠳᠤ ᠬᠠᠯᠳᠠᠭᠰᠠᠨ ᠪᠣᠭᠤᠳᠠᠯ ᠪᠠᠭᠯᠠᠭ᠎ᠠ ᠶᠢ ᠪᠠᠶᠢᠴᠠᠭᠠᠨ ᠢᠯᠡᠷᠡᠭᠦᠯᠵᠦ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ 6 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号