ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠬᠠᠷᠠᠮᠥ᠋ᠷᠡᠨ ᠳᠤ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠨ ᠡᠵᠡᠮᠰᠢᠵᠦ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠳᠠᠷᠠᠭᠤᠯᠵᠤ᠂ ᠪᠦᠬᠦ ᠬᠤᠳᠠ ᠶᠢᠨ ᠡᠯ᠎ᠡ ᠵᠦᠢᠯ ᠤᠨ ᠠᠵᠢᠯ ᠤᠨ ᠳᠤᠮᠳᠠ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠲᠤ ᠢᠯᠡᠭᠡᠭᠰᠡᠨ ᠵᠠᠬᠢᠳᠠᠯ ᠤᠨ ᠴᠢᠬᠤᠯᠠ ᠵᠣᠷᠢᠭ ᠰᠠᠨᠠᠭ᠎ᠠ ᠪᠠ ᠪᠦᠬᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ  ᠲᠤᠭᠤᠷᠢᠭ ᠤᠨ ᠥᠷᠭᠡᠨ ᠤᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠨ᠂ ︽ᠬᠤᠶᠠᠷ ᠢ ᠰᠢᠨ᠎ᠡ ᠪᠠᠷ ᠪᠠᠶᠢᠭᠤᠯᠬᠤ᠂ ᠳᠥᠷᠪᠡ ᠶᠢ ᠳᠡᠭᠡᠭᠰᠢᠯᠡᠭᠦᠯᠬᠦ︾ ᠵᠡᠭᠦᠨ ᠬᠡᠰᠡᠭ ᠤᠨ ᠭᠠᠵᠠᠷ ᠣᠷᠣᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠴᠣᠭᠴᠠᠯᠠᠬᠤ᠂ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠪᠦᠲᠦᠭᠡᠨ ᠪᠠᠶᠢᠭᠤᠯᠬᠤ ᠳᠤ  ᠴᠢᠩᠱᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠪᠦᠬᠦ ᠲᠤᠭᠤᠷᠢᠭ ᠤᠨ ᠭᠤᠣᠯ ᠰᠡᠳᠦᠪᠲᠦ ᠬᠥᠮᠦᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠰᠤᠷᠭᠠᠨ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ ᠬᠤᠷᠠᠯ ᠠᠴᠠ᠂ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠨ᠂ ᠪᠥᠬᠦ ᠲᠠᠯ᠎ᠠ ᠪᠠᠷ ᠡᠵᠡᠮᠰᠢᠵᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠬᠤ ᠶᠢᠨ ᠬᠠᠮᠲᠤ ᠳᠠᠶᠢᠴᠢᠯᠠᠵᠤ ᠪᠠᠶᠢᠭᠠᠳ ᠡᠯ᠎ᠡ ᠵᠦᠢᠯ ᠤᠨ ︽ᠲᠣᠭᠲᠠᠭᠠᠭᠰᠠᠨ ᠠᠵᠢᠯᠯᠠᠭᠠᠨ︾ ᠢ ᠯᠠᠪᠳᠠᠭᠤᠨ ᠪᠠᠲᠤᠲᠠᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠳᠲᠡᠷ ᠲᠦᠷᠭᠡᠨ ᠬᠥᠳᠡᠯᠦᠯᠴᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠲᠤᠯᠭᠠᠷᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠥᠭᠵᠢᠯᠲᠡ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠭᠰᠡᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠴᠢᠨᠠᠷ ᠴᠢᠨᠰᠠᠭ᠎ᠠ ᠶᠢ ᠢᠯᠡᠷᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠨᠢ ᠲᠦᠷᠦᠭᠦᠯᠡᠨ ᠶᠡᠷᠦᠩᠬᠡᠶᠢᠯᠡᠨ ᠠᠳᠬᠤᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠪᠥᠬᠦ ᠲᠤᠭᠤᠷᠢᠭ ᠤᠨ ᠭᠤᠣᠯ ᠪᠣᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠯᠦᠭᠡ ᠦᠨᠡᠨᠬᠦ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠴᠢᠩᠱᠠᠨ ᠲᠣᠭᠤᠷᠢᠭ ᠤᠨ ᠠᠵᠢᠯᠴᠢᠨ ᠤ ᠡᠪᠯᠡᠯ ᠤᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠢᠯ ᠤᠨ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠣᠭᠲᠠᠭᠰᠠᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠰᠣᠩᠭᠤᠭᠤᠯᠢ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号