ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠣᠨ ᠤ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2023/9/18
      ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠯᠠᠨ ᠳᠠᠩᠰᠠᠯᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠣᠷᠣᠯᠠᠨ ᠳᠠᠩᠰᠠᠯᠠᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠪᠡ᠃      ᠲᠣᠰ ᠤᠳᠠᠭᠠᠨ ᠤ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠳᠤ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠢ ᠠᠪᠴᠤ᠂ ᠪᠥᠬᠦ ᠲᠤᠭᠤᠷᠢᠭ ᠤᠨ ᠣᠷᠣᠯᠠᠨ‌‍ᠲ᠋ᠠᠩᠰᠠᠯᠠᠬᠤ ᠪᠠᠶᠢᠭᠤᠯᠤᠮᠵᠢ ᠶᠢᠨ ᠳᠣᠲᠣᠷ᠎ᠠ ᠎ ᠠᠴᠠ 30 ᠣᠷᠣᠯᠠᠨ ᠳᠠᠩᠰᠠᠯᠠᠬᠤ ᠪᠠᠶᠢᠭᠤᠯᠤᠮᠵᠢ ᠶᠢ ᠲᠣᠬᠢᠶᠠᠯᠳᠤᠯ ᠢᠶᠠᠷ ᠰᠣᠩᠭᠤᠨ ᠠᠪᠴᠤ ᠪᠠᠶᠢᠴᠠᠭᠠᠬᠤ ᠡᠲᠡᠭᠡᠳ ᠢᠶᠠᠨ ᠪᠤᠯᠭᠠᠵᠦ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠠᠵᠢᠯ ᠡᠷᠭᠢᠯᠡᠬᠦ ᠶᠠᠰᠤ ᠴᠢᠨᠠᠷ᠂ ᠣᠨ ᠤ ᠳᠠᠩᠰᠠᠯᠠᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃      ᠲᠣᠰ ᠤᠳᠠᠭᠠᠨ ᠤ ᠪᠠᠶᠢᠴᠠᠭᠠᠯᠲᠠ ᠳᠤ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠨᠢᠭᠲᠠᠯᠠᠨ ᠪᠤᠳᠤᠬᠤ ᠠᠵᠢᠯᠯᠠᠭ᠎ᠠ ᠶᠢ ᠵᠢᠷᠤᠮᠵᠢᠭᠤᠯᠵᠤ᠂ ᠪᠥᠬᠦ  ᠲᠤᠭᠤᠷᠢᠭ ᠤᠨ ᠣᠷᠣᠯᠠᠨ ᠳᠠᠩᠰᠠᠯᠠᠬᠤ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠪᠥᠬᠦ ᠲᠤᠭᠤᠷᠢᠭ ᠤᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠨᠢᠭᠲᠠᠯᠠᠨ ᠪᠤᠳᠤᠭᠴᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠨᠢᠭᠲᠠᠯᠠᠨ ᠪᠤᠳᠤᠭᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠯ᠎ᠡ ᠵᠦᠢᠯ ᠤᠨ ᠡᠳ᠋ ᠤᠨ ᠵᠠᠰᠠᠭ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠪᠠ ᠨᠢᠭᠲᠠᠯᠠᠨ ᠪᠤᠳᠤᠭᠴᠢ ᠶᠢᠨ ᠬᠢᠨᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠣᠷᠣᠯᠠᠨ ᠳᠠᠩᠰᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号