ᠲᠣᠭᠤᠷᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ  ᠰᠣᠶᠣᠯ ᠤᠨ ᠥᠪ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 15᠎ ᠤ ᠡᠳᠦᠷ᠂ ᠴᠢᠩᠱᠠᠨ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠠᠵᠢᠯᠲᠠᠳ ᠴᠢᠩᠱᠠᠨ ᠲᠣᠭᠤᠷᠢᠭ ᠤᠨ ᠳᠣᠲᠣᠷᠠᠬᠢ 9 ᠬᠡᠰᠡᠭ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠵᠢᠴᠢ ᠰᠡᠴᠢ ᠪᠤᠯᠤᠩ ᠤᠨ ᠵᠡᠭᠦᠨᠳᠡᠬᠢ ᠪᠠᠭᠤᠷᠢ ᠳᠤ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠬᠢᠵᠦ᠂ 9 ᠬᠡᠰᠡᠭ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠳᠠᠯ᠂ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠡᠵᠡᠮᠰᠢᠭᠰᠡᠨ ᠪᠥᠭᠡᠳ ᠣᠷᠳᠣ ᠴᠠᠭᠠᠨ ᠬᠡᠷᠡᠮ ᠤᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠯᠠᠪᠳᠠᠭᠤᠯᠪᠠ᠃ ᠣᠷᠳᠣ ᠴᠠᠭᠠᠨ ᠬᠡᠷᠡᠮ ᠢ ᠲᠣᠭᠤᠷᠢᠨ ᠬᠠᠮᠠᠭᠠᠯᠠᠬᠤ ᠶᠠᠪᠤᠴᠠ ᠳᠤ᠂ ᠬᠢᠯᠢ ᠶᠢᠨ ᠬᠥᠰᠢᠶ᠎ᠡ᠂ ᠬᠠᠮᠠᠭᠠᠯᠠᠯᠲᠠ ᠶᠢᠨ ᠲᠡᠮᠳᠡᠭ ᠤᠨ ᠬᠥᠰᠢᠶ᠎ᠡ᠂ ᠬᠤᠶᠠᠷ ᠲᠠᠯ᠎ᠠ ᠶᠢᠨ ᠣᠶᠢᠲᠤ ᠭᠠᠵᠠᠷ᠂ ᠲᠠᠷᠢᠶᠠᠨ ᠭᠠᠵᠠᠷ᠂ ᠪᠠᠷᠢᠯᠭ᠎ᠠ ᠵᠡᠷᠭᠡ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠬᠤ ᠶᠢᠨ ᠬᠠᠮᠲᠤ᠂ ᠤᠰᠤᠨ ᠬᠡᠪᠯᠡᠯ ᠤᠨ ᠬᠡᠷᠡᠯ ᠵᠢᠷᠤᠭ ᠤᠨ ᠮᠠᠰᠢᠨ ᠢᠶᠠᠷ ᠲᠤᠬᠠᠢ ᠶᠢᠨ ᠴᠠᠭ ᠤᠨ ᠬᠡᠷᠡᠯ ᠵᠢᠷᠤᠭ ᠢ ᠰᠡᠭᠦᠳᠡᠷᠯᠡᠨ ᠠᠪᠴᠤ ᠣᠷᠳᠣ ᠴᠠᠭᠠᠨ ᠬᠡᠷᠡᠮ ᠤᠨ ᠲᠣᠭᠤᠷᠢᠨ ᠬᠠᠮᠠᠭᠠᠯᠠᠬᠤ ᠡᠬᠡ ᠲᠠᠩᠰᠠᠨ ᠳᠤ ᠲᠡᠮᠳᠡᠭᠯᠡᠨ ᠣᠷᠣᠭᠤᠯᠵᠤ᠂ ᠤᠣ ᠸᠧᠢ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢ ᠰᠢᠨᠡᠳᠬᠡᠵᠦ᠂ ᠣᠨᠣᠪᠴᠢᠲᠠᠶ ᠬᠡᠷᠡᠯ ᠵᠢᠷᠤᠭ ᠤᠨ ᠮᠠᠲ᠋ᠧᠷᠢᠶᠠᠯ ᠢ ᠨᠥᠬᠦᠪᠦᠷᠢᠯᠡᠨ᠎ᠡ᠃      ᠰᠡᠴᠢ ᠪᠤᠯᠤᠩ ᠤᠨ ᠵᠡᠭᠦᠨᠳᠡᠬᠢ ᠪᠠᠭᠤᠷᠢ ᠪᠣᠯ ᠪᠠᠶᠢᠯᠳᠤᠭᠠᠨᠲᠤ ᠤᠯᠤᠰ ᠠᠴᠠ ᠴᠢᠨ ᠤᠯᠤᠰ ᠬᠠᠨ ᠤᠯᠤᠰ ᠤᠨ ᠦᠶ᠎ᠡ ᠶᠢᠨ ᠡᠷᠲᠡᠨ ᠤ ᠬᠤᠲᠠ ᠶᠢᠨ ᠪᠠᠭᠤᠷᠢ ᠶᠤᠮ᠂ ᠲᠣᠭᠤᠷᠢᠨ ᠬᠠᠮᠠᠭᠠᠯᠠᠬᠤ ᠶᠠᠪᠤᠴᠠ ᠳᠤ᠂ ᠭᠠᠵᠠᠷ ᠤᠨ ᠭᠠᠳᠠᠷᠭᠤ ᠳᠤ ᠦᠯᠡᠳᠡᠭᠡᠭᠰᠡᠨ ᠸᠠᠭᠠᠷ ᠤᠨ ᠢᠯᠲᠠᠰᠤ ᠎ ᠶᠢ ᠥᠯᠢᠭᠡᠷ ᠠᠪᠴᠤ ᠴᠡᠪᠡᠷᠯᠡᠵᠦ᠂ ᠸᠠᠭᠠᠷ ᠤᠨ ᠢᠯᠲᠠᠰᠤ ᠶᠢᠨ ᠭᠠᠳᠠᠷᠭᠤ ᠳᠤ ᠲᠣᠳᠣᠷᠬᠠᠢ ᠬᠡ ᠤᠭᠠᠯᠵᠠ ᠲᠠᠢ ᠪᠠᠶᠢᠳᠠᠭ᠂ ᠡᠲᠡᠭᠡᠷ ᠬᠡ ᠤᠭᠠᠯᠵᠠ ᠨᠢ ᠪᠠᠬᠢᠯᠡᠬᠦ᠂ ᠭᠤᠯᠭᠤᠬᠤ ᠎ ᠠᠴᠠ ᠰᠡᠷᠭᠡᠶᠢᠯᠡᠬᠦ ᠵᠡᠷᠭᠡ ᠦᠢᠯᠡᠳᠦᠯ ᠲᠠᠢ ᠪᠠᠷ ᠪᠠᠷᠠᠬᠤ ᠦᠭᠡᠢ᠂ ᠡᠪᠦᠭᠡ ᠳᠡᠭᠡᠳᠦᠰ ᠤᠨ ᠣᠶᠤᠨ ᠤᠬᠠᠭᠠᠨ ᠪᠠ ᠭᠤᠸ᠎ᠠ ᠲᠠᠭᠠᠰᠢᠶᠠᠯ ᠤᠨ ᠦᠵᠡᠯ ᠤᠬᠠᠮᠰᠠᠷ ᠢ ᠴᠤ ᠢᠯᠡᠷᠡᠭᠦᠯᠦᠭᠰᠡᠨ ᠶᠤᠮ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号