1 — 8 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — | 7 ᠳ᠋ᠤᠭᠠᠷ ᠰᠠᠷ᠎ᠠ ᠶᠢᠨ ᠬᠢ ᠠᠴᠠ 4.4 ᠵᠠᠭᠤᠨ ᠤ ᠨᠢᠭᠡᠴᠢ ᠳᠡᠭᠡᠭᠰᠢᠯᠡᠪᠡ᠃ ᠲᠣᠰ ᠰᠠᠷ᠎ᠠ ᠳᠤ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 53.7% ᠪᠠᠷ ᠨᠡᠮᠡᠭᠳᠡᠪᠡ᠃ ᠡᠭᠦᠨ ᠳᠤ᠂ ᠲᠥᠷᠥᠯ ᠵᠦᠢᠯ ᠤᠨ | ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 44.7% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ | 1 —7 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠨᠢᠭᠡᠴᠢ ᠳᠡᠭᠡᠭᠰᠢᠯᠡᠵᠡᠢ᠃ | ᠨᠢᠭᠡ᠂ ᠭᠤᠷᠪᠠᠨ ᠠᠵᠤ ᠦᠢᠯᠡᠰ ᠤᠨ ᠨᠡᠮᠡᠭᠳᠡᠯ ᠲᠣᠭᠲᠠᠭᠤᠨ ᠪᠠᠶᠢᠵᠤ᠂ ᠭᠤᠷᠪᠠᠳᠤᠭᠠᠷ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠨᠡᠮᠡᠭᠳᠡᠯ ᠲᠦᠷᠭᠡᠳᠪᠡ | 1 — 8 ᠳ᠋ᠤᠭᠠᠷ ᠰᠠᠷ᠎ᠠ ᠳᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 84.9% ᠪᠠᠭᠤᠷᠠᠵᠤ᠂ 1 — 7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ | ᠨᠢᠭᠡᠴᠢ ᠪᠠᠭᠠᠰᠴᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢ 1.9 ᠵᠠᠭᠤᠨ ᠤ ᠨᠢᠭᠡᠴᠢ ᠪᠠᠭᠠᠰᠬᠠᠪᠠ︔ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.2% ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ 1—7 ᠳ᠋ᠤᠭᠠᠷ ᠰᠠᠷ᠎ᠠ ᠶᠢᠨ ᠬᠢ ᠠᠴᠠ 8.7 ᠵᠠᠭᠤᠨ ᠤ ᠨᠢᠭᠡᠴᠢ ᠪᠠᠭᠤᠷᠠᠵᠤ᠂ ᠪᠥᠬᠦ | ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 11.8 ᠵᠠᠭᠤᠨ ᠤ ᠨᠢᠭᠡᠴᠢ ᠳᠠᠶᠢᠴᠢᠯᠠᠪᠠ᠃ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.9% ᠨᠡᠮᠡᠭᠳᠡᠵᠦ᠂ 1—7 | ᠳ᠋ᠤᠭᠠᠷ ᠰᠠᠷ᠎ᠠ ᠶᠢᠨ ᠬᠢ ᠠᠴᠠ 22.8 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠲᠤᠭᠤᠷᠢᠭ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠢ 19.8 ᠵᠠᠭᠤᠨ ᠤ ᠨᠢᠭᠡᠴᠢ ᠳᠠᠶᠢᠴᠢᠯᠠᠨ᠂ ᠳᠠᠶᠢᠴᠢᠯᠠᠬᠤ ᠴᠡᠭ 1—7 ᠳ᠋ᠤᠭᠠᠷ | ᠰᠠᠷ᠎ᠠ ᠶᠢᠨ ᠬᠢ ᠠᠴᠠ 8.8 ᠵᠠᠭᠤᠨ ᠤ ᠨᠢᠭᠡᠴᠢ ᠳᠡᠭᠡᠭᠰᠢᠯᠡᠪᠡ᠃ | ᠬᠤᠶᠠᠷ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ | ᠦᠢᠯᠡᠳᠦᠯ ᠢᠯᠡᠳᠲᠡ ᠪᠣᠯᠪᠠ | ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠥᠨᠳᠥᠷ ᠨᠡᠮᠡᠭᠳᠡᠯ ᠤᠨ | ᠬᠠᠨᠳᠤᠰᠢ ᠶᠢ ᠪᠠᠲᠤᠯᠠᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠢ | ᠠᠯᠬᠤᠮ ᠠᠯᠬᠤᠮ ᠢᠶᠠᠷ ᠴᠢᠩᠭᠠᠷᠠᠭᠤᠯᠪᠠ᠃ 1 — 8 ᠳ᠋ᠤᠭᠠᠷ ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.3% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 57.0 ᠵᠠᠭᠤᠨ ᠤ ᠨᠢᠭᠡᠴᠢ ᠳᠡᠭᠡᠭᠰᠢᠯᠡᠵᠦ᠂ | ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 26.9% ᠪᠠᠶᠢᠵᠤ᠂ ᠬᠤᠪᠢ ᠶᠢᠨ ᠵᠢᠩ ᠨᠢ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ | ᠲᠤᠭᠤᠷᠢᠭ ᠤᠨ ᠪᠡᠯᠡ ᠣᠷᠣᠭᠤᠯᠤᠯᠲᠠ ᠶᠢ 13.1 ᠵᠠᠭᠤᠨ ᠤ ᠨᠢᠭᠡᠴᠢ ᠳᠠᠶᠢᠴᠢᠯᠠᠨ ᠨᠡᠮᠡᠭᠳᠡᠪᠡ᠃ ᠡᠭᠦᠨ ᠳᠤ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠬᠦᠴᠦᠲᠡᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 49.4% ᠪᠠᠷ ᠨᠡᠮᠡᠭᠳᠡᠨ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠢ 49.1 ᠵᠠᠭᠤᠨ ᠤ ᠨᠢᠭᠡᠴᠢ ᠳᠠᠶᠢᠴᠢᠯᠠᠨ᠂ ᠭᠤᠣᠯᠳᠠᠭᠤ ᠯᠢᠲ᠋ᠢ ᠢᠶᠤᠨ ᠤ ᠳ᠋ᠢᠶᠠᠨ | ᡂᠢ ᠶᠢᠨ ᠠᠵᠤ ᠦᠢᠯᠡᠳᠪᠦᠷᠢ ᠶᠢᠨ ᠦᠢᠯᠡᠳᠬᠦ ᠠᠵᠢᠯ ᠲᠥᠷᠥᠯ ᠤᠨ ᠲᠥᠷᠥᠯ ᠵᠦᠢᠯ ᠢᠶᠠᠷ ᠳᠠᠶᠢᠴᠢᠯᠠᠪᠠ᠃ | ᠭᠤᠷᠪᠠ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠬᠦᠴᠦᠨ ᠨᠡᠮᠡᠭᠳᠡᠵᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ | 1 — 8 ᠳ᠋ᠤᠭᠠᠷ ᠰᠠᠷ᠎ᠠ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 66.2% ᠢᠶᠠᠷ ᠨᠡᠮᠡᠭᠳᠡᠵᠦ᠂ 1 — 7ᠳ᠋ᠤᠭᠠᠷ ᠰᠠᠷ᠎ᠠ ᠶᠢᠨ ᠬᠢ ᠠᠴᠠ 40.6 | ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠠᠴᠠ 36.2 ᠵᠠᠭᠤᠨ ᠤ ᠨᠢᠭᠡᠴᠢ ᠥᠨᠳᠥᠷ ᠪᠣᠯᠵᠠᠢ᠃ | ᠡᠭᠦᠨ ᠳᠤ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠠᠳᠠᠯᠢ ᠬᠤᠭᠤᠴᠠᠭᠠᠨ ᠤ | ᠬᠢ ᠠᠴᠠ 91.4% ᠪᠠᠷ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠠᠬᠢ ᠡᠵᠡᠯᠡᠬᠦ | ᠬᠤᠪᠢ ᠶᠢᠨ ᠵᠢᠩ ᠨᠢ 79.3% ᠪᠠᠶᠢᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ | 62.9 ᠵᠠᠭᠤᠨ ᠤ ᠨᠢᠭᠡᠴᠢ ᠳᠠᠶᠢᠴᠢᠯᠠᠪᠠ᠃ |