9 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ᠴᠢᠩᠱᠠᠨ ᠲᠣᠭᠤᠷᠢᠭ ᠤᠨ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠵᠢᠴᠢ ᠵᠢᠭᠰᠠᠭᠠᠨ ᠪᠠᠶᠢᠴᠠᠭᠠᠬᠤ ᠠᠵᠢᠯ ᠢ ᠰᠤᠳᠤᠯᠵᠤ᠂ | ᠴᠢᠩᠱᠠᠨ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠺᠣᠮᠫᠠᠨᠢ ᠶᠢᠨ ᠠᠵᠤ ᠠᠬᠤᠶᠢᠯᠠᠯ ᠢ ᠡᠮᠬᠢᠯᠡᠨ | ᠨᠡᠶᠢᠳᠬᠡᠵᠦ ᠳᠠᠬᠢᠨ ᠵᠣᠬᠢᠶᠠᠨ ᠪᠠᠶᠢᠭᠤᠯᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ | ᠰᠠᠨᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠢ ᠡᠷᠭᠢᠯᠡᠪᠡ᠃ | ᠬᠤᠷᠠᠯ ᠠᠴᠠ᠂ ᠪᠦᠬᠦ ᠲᠤᠭᠤᠷᠢᠭ ᠤᠨ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ | ᠠᠮᠤᠷ ᠲᠦᠪᠰᠢᠨ ᠤ ᠬᠢᠨᠠᠨ ᠲᠣᠭᠲᠠᠭᠠᠯᠲᠠ ᠵᠢᠴᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠬᠦ ᠪᠣᠯ ᠪᠦᠬᠦ ᠲᠤᠭᠤᠷᠢᠭ ᠤᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠠᠮᠤᠷ ᠲᠦᠪᠰᠢᠨ ᠤ ᠭᠡᠮ | ᠰᠣᠭᠤᠭ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠢ ᠡᠵᠡᠮᠰᠢᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ | ᠨᠢ ᠭᠡᠷ ᠪᠠᠶᠢᠰᠢᠩ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠲᠦᠮᠡᠨ ᠤ ᠠᠮᠢ ᠨᠠᠰᠤ | ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ | ᠵᠢᠭᠠᠨ ᠭᠠᠷᠭᠠᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠤᠯᠪᠤᠭᠠᠯᠠᠨ ᠬᠠᠮᠵᠢᠯᠴᠠᠬᠤ ᠪᠠᠨ | ᠴᠢᠩᠭᠠᠳᠬᠠᠵᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠣᠶᠢᠯᠠᠭᠠᠵᠤ᠂ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ | ᠳᠡᠭᠡᠭᠰᠢ ᠮᠡᠳᠡᠭᠦᠯᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠂ | ᠪᠠᠯᠠᠢ ᠭᠠᠵᠠᠷ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠲᠠᠯ᠎ᠠ ᠶᠢᠨ ᠬᠢᠨᠠᠨ ᠲᠣᠭᠲᠠᠭᠠᠵᠤ | ᠵᠢᠭᠰᠠᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠭᠡᠷ ᠪᠠᠶᠢᠰᠢᠩ ᠤᠨ | ᠠᠮᠤᠷ ᠲᠦᠪᠰᠢᠨ ᠤ ᠪᠠᠶᠢᠳᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠵᠤ᠂ ᠨᠠᠷᠢᠯᠢᠭ | ᠤᠨᠤᠪᠴᠢᠲᠠᠢ ᠢᠶᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠳᠠᠯᠳᠠ ᠬᠡᠮ ᠲᠠᠢ ᠭᠡᠷ ᠪᠠᠶᠢᠰᠢᠩ ᠢ ᠴᠠᠭ ᠲᠤᠬᠠᠢ ᠳᠤᠨᠢ | ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ︽ᠪᠠᠭ᠎ᠠ ᠲᠦᠭᠰᠢᠭᠦᠷᠢ︾ ᠶᠢᠨ ᠬᠤᠷᠠᠮᠳᠤᠯᠠᠭ᠎ᠠ ᠶᠢᠨ ︽ᠶᠡᠭᠡ | ᠳᠠᠯᠳᠠ ᠬᠡᠮ︾ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ ᠨᠡᠶᠢᠳᠬᠡᠵᠦ ᠲᠠᠬᠢᠨ ᠪᠠᠶᠢᠭᠤᠯᠬᠤ ᠨᠢ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠬᠤ ᠳᠤ ᠴᠢᠬᠤᠯᠠ | ᠠᠴᠢ ᠬᠤᠯᠪᠤᠭᠳᠠᠯ ᠲᠠᠢ ᠶᠤᠮ ᠭᠡᠵᠦ ᠵᠢᠭᠠᠨ ᠭᠠᠷᠭᠠᠪᠠ᠃ ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠥᠭᠵᠢᠯᠲᠡ ᠶᠢᠨ ᠬᠠᠷᠠᠯᠲᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ | ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ᠂ ᠴᠢᠳᠠᠪᠬᠢ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠬᠥᠭᠵᠢᠯᠲᠡ ᠶᠢᠨ ᠦᠢᠯᠡᠳᠦᠯ ᠴᠢᠳᠠᠪᠬᠢ ᠪᠠ ᠪᠦᠬᠦ ᠲᠤᠭᠤᠷᠢᠭ ᠤᠨ ᠠᠵᠤ ᠠᠬᠤᠢ ᠶᠢᠨ | ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠪᠠ ᠠᠵᠤ ᠠᠬᠤᠶᠢᠯᠠᠯ ᠤᠨ ᠬᠥᠭᠵᠢᠯᠲᠡ ᠶᠢᠨ ᠵᠢᠮ᠎ᠡ ᠶᠣᠰᠣ ᠶᠢ | ᠵᠢᠷᠤᠮᠯᠠᠵᠤ᠂ ᠬᠠᠤᠯᠢ ᠲᠣᠭᠲᠠᠭᠠᠯ ᠢ ᠵᠢᠷᠤᠮᠯᠠᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢ | ᠪᠠᠷᠢᠮᠲᠠᠯᠠᠨ ᠡᠮᠬᠢᠯᠡᠨ ᠨᠡᠶᠢᠯᠡᠭᠦᠯᠵᠦ ᠲᠠᠬᠢᠨ ᠪᠠᠶᠢᠭᠤᠯᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠪᠤᠷᠢᠲᠠᠨ ᠤ ᠡᠩᠨᠡᠭᠡ ᠶᠢ ᠰᠢᠯᠢᠨ | ᠰᠣᠩᠭᠤᠬᠤ ᠠᠷᠭ᠎ᠠ ᠵᠠᠮ ᠢ ᠬᠦᠴᠦᠯᠡᠨ ᠰᠢᠯᠤᠭᠤᠳᠬᠠᠵᠤ᠂ ᠵᠣᠷᠢᠭᠲᠠᠢ ᠪᠠᠷ ᠡᠭᠦᠷᠭᠡᠯᠡᠬᠦ᠂ ᠰᠢᠨ᠎ᠡ ᠶᠢ ᠡᠭᠦᠳᠬᠦ ᠳᠤ | ᠴᠢᠳᠠᠮᠠᠭᠠᠢ᠂ ᠡᠵᠡᠩᠨᠡᠯᠲᠡ ᠶᠢ ᠮᠡᠳᠡᠬᠦ᠂ ᠬᠠᠮᠢᠶᠠᠷᠴᠤ ᠴᠢᠳᠠᠬᠤ ᠴᠢᠳᠠᠪᠤᠷᠢᠲᠠᠨ ᠢ ᠠᠵᠢᠯ ᠤᠨ ᠪᠠᠶᠢᠷᠢ ᠳᠤ ᠰᠣᠩᠭᠤᠨ | ᠲᠣᠬᠢᠷᠠᠭᠤᠯᠵᠤ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |