1—8 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ
ᠨᠡᠶᠢᠲᠡᠯᠡᠭᠰᠡᠨ ᠴᠠᠭ᠄
2023/9/20
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠬᠢᠨ ︽ᠬᠤᠶᠠᠷ ᠰᠢᠨ᠎ᠡ︾  ᠤᠳᠤᠷᠢᠳᠤᠮᠵᠢ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠤᠭᠰᠠᠨ ᠪᠠᠶᠢᠨ᠎ᠠ᠃      1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ 34 ᠪᠠᠶᠢᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 7 ᠨᠡᠮᠡᠭᠳᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ  ᠬᠢ ᠠᠴᠠ 47.37% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠡᠯᠡ ᠣᠷᠣᠭᠤᠯᠤᠯᠲᠠ  ᠠᠴᠠ 17.37 ᠵᠠᠭᠤᠨ ᠤ ᠨᠢᠭᠡᠴᠢ ᠥᠨᠳᠥᠷ ᠪᠠᠶᠢᠵᠤ᠂ ᠴᠢᠩᠱᠠᠨ ᠲᠣᠭᠤᠷᠢᠭ ᠤᠨ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 66.8% ᠪᠣᠯᠣᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号