ᠳ᠋ᠢᠩ ᠺᠠᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/20
      9 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃      ᠳ᠋ᠢᠩ ᠺᠠᠢ ᠨᠠᠷ ᠤᠷᠢᠳ ᠬᠤᠵᠢᠳ ᠬᠤᠩ ᠶᠤᠸᠠᠨ  16GW ᠳ᠋ᠢᠶᠠᠨ ᡂᠢ ᠢᠯᠲᠠᠰᠤ᠂ ᠱᠠᠨ ᠱᠠᠨ ᠭᠤᠷᠪᠠᠳᠤᠭᠠᠷ ᠬᠤᠭᠤᠴᠠᠭᠠᠨ ᠤ 4 ᠲᠦᠮᠡᠨ ᠯᠢᠲ᠋ᠢ ᠢᠶᠤᠨ ᠤ ᠳ᠋ᠢᠶᠠᠨ ᡂᠢ ᠢᠯᠲᠠᠰᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ᠂ ᠵᠢᠩ ᠤᠣ  5GW ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠬᠦᠯᠢ ᠴᠣᠭᠴᠠ ᠶᠢᠨ ᠠᠬᠢᠴᠠ ᠵᠢᠴᠢ ᠢᠨᠵᠧᠨᠧᠷᠢᠩ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃      ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭ᠎ᠠ᠂ ᠳ᠋ᠢᠩ ᠺᠠᠢ ᠬᠦᠷᠢᠶᠡᠯᠡᠩ ᠲᠣᠭᠤᠷᠢᠭ ᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠲᠦᠷᠦᠭᠦᠦ ᠭᠤᠷᠪᠠᠨ ᠤᠯᠠᠷᠢᠯ ᠤᠨ ᠠᠵᠢᠯ ᠤᠨ ᠪᠠᠶᠢᠳᠠᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳ᠋ᠢᠩ ᠺᠠᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠢᠮᠠᠭᠲᠠ ᠴᠢᠩᠭ᠎ᠠ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠦᠴᠦᠲᠡᠢ ᠠᠷᠭ᠎ᠠ ᠬᠡᠮᠵᠢᠶ᠎ᠡ ᠪᠠ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠵᠤ ᠡᠷᠲᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠦᠷᠢᠶᠡᠯᠡᠩ ᠲᠣᠭᠤᠷᠢᠭ ᠤᠨ ᠬᠢᠨ ᠬᠠᠮᠵᠢᠯᠴᠠᠵᠤ᠂ ᠤᠷᠢᠳᠠᠪᠠᠷ ᠦᠢᠯᠡᠴᠢᠯᠡᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠭᠠᠷᠳᠠᠮ᠂ ᠤᠰᠤᠨ ᠴᠠᠬᠢᠯᠭᠠᠨ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠵᠠᠰᠠᠵᠤ᠂ ᠲᠦᠷᠦᠯ ᠵᠦᠢᠯ ᠤᠨ ᠠᠮᠤᠷ ᠲᠦᠪᠰᠢᠨ ᠡᠮᠬᠢ ᠳᠢᠭᠯᠢᠮ ᠲᠠᠢ᠂ ᠥᠨᠳᠥᠷ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠬᠥᠭᠵᠢᠭᠡᠵᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠴᠤᠭ ᠵᠢᠪᠬᠤᠭ᠎ᠠ ᠪᠠᠨ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号