ᠲᠤᠰ ᠲᠦᠷᠦᠯ ᠵᠦᠢᠯ ᠨᠢ ᠲᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ | ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 256 ᠮᠦ ᠲᠠᠯᠠᠪᠠᠢ ᠶᠢ ᠡᠵᠡᠯᠡᠵᠦ᠂ ᠶᠡᠷᠦᠩᠬᠡᠢ ᠪᠠᠷᠢᠯᠭ᠎ᠠ ᠶᠢᠨ | ᠲᠠᠯᠠᠪᠠᠢ ᠨᠢ 20 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠵᠢᠯ ᠳᠤ 10GW ᠲᠠᠯᠠᠰᠲᠤ ᠲᠠᠲᠠᠬᠤ᠂ | 10GW ᠬᠡᠷᠴᠢᠮᠡᠯ ᠢ ᠦᠢᠯᠡᠳᠪᠦᠷᠢᠯᠡᠬᠦ ᠶᠢᠨ ᠬᠠᠮᠲᠤ ᠵᠣᠬᠢᠬᠤ ᠬᠡᠪᠴᠢᠶᠡᠨ ᠤ ᠠᠵᠤ ᠦᠢᠯᠡᠰ ᠤᠨ ᠬᠡᠯᠬᠢᠶ᠎ᠡ ᠶᠢᠨ | ᠬᠠᠮᠢᠶ᠎ᠠ ᠪᠦᠬᠦᠢ ᠦᠢᠯᠡᠳᠪᠦᠷᠢᠯᠡᠯ ᠤᠨ ᠲᠥᠷᠥᠯ ᠵᠦᠢᠯ ᠢ ᠢᠵᠢ ᠪᠦᠷᠢᠳᠦᠭᠦᠯᠦᠨ᠎ᠡ᠃ ᠲᠥᠷᠥᠯ ᠵᠦᠢᠯ ᠢ ᠪᠦᠬᠦᠨ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 60 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ 2.5 ᠳ᠋ᠦᠩᠰᠢᠭᠤᠷ ᠲᠥᠭᠦᠷᠢᠭ ᠲᠤ ᠬᠦᠷᠴᠦ᠂ 2500 | ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃ | ᠣᠳᠣᠬᠠᠨ ᠳᠤ᠂ ᠲᠠᠩ ᠲᠠᠯᠠᠰᠲᠤ ᠦᠢᠯᠡᠳᠪᠦᠷᠢ ᠶᠢᠨ ᠪᠠᠶᠢᠰᠢᠩ ᠤᠨ 640 ᠲᠠᠩ ᠲᠠᠯᠠᠰᠲᠤ ᠵᠤᠤᠬ᠎ᠠ ᠶᠢ | ᠨᠢᠭᠡᠨᠲᠡ ᠪᠦᠬᠦᠨ ᠢ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠦᠢᠯᠡᠳᠪᠦᠷᠢ ᠶᠢᠨ ᠪᠠᠶᠢᠰᠢᠩ ᠤᠨ | ᠪᠣᠯᠪᠠᠰᠤᠷᠠᠭᠤᠯᠬᠤ ᠬᠡᠰᠡᠭ ᠲᠤ ᠤᠯᠤᠰ ᠤᠨ ᠳᠣᠲᠣᠭᠠᠳᠤ ᠶᠢᠨ ᠲᠡᠷᠢᠭᠦᠨ ᠤ ᠲᠣᠭᠤᠷᠢᠭ ᠱᠤᠭᠤᠮ ᠤᠨ ᠲᠠᠰᠤᠯᠬᠤ | ᠮᠠᠰᠢᠨ᠂ ᠬᠤᠣᠰ ᠠᠵᠢᠯ ᠤᠨ ᠪᠠᠶᠢᠷᠢ ᠶᠢᠨ ᠪᠣᠰᠤᠭ᠎ᠠ ᠳᠥᠷᠪᠡᠯᠵᠢᠨ ᠨᠡᠭᠡᠭᠡᠬᠦ ᠮᠠᠰᠢᠨ᠂ ᠪᠦᠷᠢᠨ ᠠᠦ᠋ᠲ᠋ᠣ᠋ ᠦᠷᠦᠵᠦ | ᠤᠨᠠᠭᠠᠬᠤ ᠨᠢᠭᠡ ᠴᠣᠭᠴᠠᠲᠤ ᠮᠠᠰᠢᠨ ᠵᠡᠷᠭᠡ 120 ᠰᠠᠤᠷᠢ ᠲᠥᠬᠦᠭᠡᠷᠦᠮᠵᠢ ᠶᠢ ᠲᠣᠬᠢᠷᠠᠭᠤᠯᠵᠤ᠂ ᠨᠢᠭᠡᠨᠲᠡ ᠪᠦᠬᠦᠨ ᠢ | ᠠᠰᠢᠭᠯᠠᠯᠲᠠ ᠳᠤ ᠣᠷᠣᠭᠤᠯᠪᠠ︔ ᠬᠡᠷᠴᠢᠮᠡᠯ ᠦᠢᠯᠡᠳᠪᠦᠷᠢ ᠶᠢᠨ ᠬᠡᠷᠴᠢᠭᠦᠷ ᠤᠨ ᠭᠤᠣᠯ ᠲᠥᠬᠦᠭᠡᠷᠦᠮᠵᠢ ᠨᠢ | ᠬᠡᠷᠴᠢᠭᠦᠷ ᠤᠨ ᠮᠠᠰᠢᠨ ᠪᠠᠶᠢᠵᠤ᠂ ᠨᠡᠶᠢᠳᠠ 105 ᠰᠠᠤᠷᠢ ᠮᠠᠰᠢᠨ᠂ ᠪᠦᠬᠦᠠ ᠢᠶᠠᠷ ᠢᠶᠠᠨ ᠠᠰᠢᠭᠯᠠᠯᠲᠠ ᠳᠤ ᠣᠷᠣᠪᠠ᠃ |