ᠪᠠᠶᠠᠷ ᠤᠨ ᠡᠳᠦᠷ ᠬᠦᠷᠴᠦ ᠢᠷᠡᠬᠦ ᠳᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ | ᠬᠠᠮᠠᠭᠠᠯᠠᠵᠤ᠂ ᠰᠠᠶᠢᠨ ᠰᠠᠶᠢᠬᠠᠨ᠂ ᠡᠮᠬᠢ ᠳᠢᠭᠯᠢᠮ ᠲᠠᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ | ᠪᠣᠯᠭᠠᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠳᠠ ᠶᠢᠨ | ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠢᠩᠱᠠᠨ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠲᠣᠭᠤᠷᠢᠭ ᠤᠨ ᠬᠤᠳᠠ ᠶᠢᠨ | ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠬᠠᠤᠯᠢ ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠠᠷᠠᠳ ᠲᠤ | ᠲᠦᠬᠦᠮ ᠦᠵᠡᠭᠦᠯᠬᠦ ᠵᠠᠬ᠎ᠠ ᠳᠡᠯᠭᠡᠭᠦᠷ᠂ ᠥᠷᠯᠥᠭᠡ ᠶᠢᠨ ᠵᠠᠬ᠎ᠠ ᠳᠡᠯᠭᠡᠭᠦᠷ ᠲᠤ ᠭᠡᠨᠡᠳᠲᠡ ᠶᠢᠨ ᠪᠠᠶᠢᠴᠠᠭᠠᠯᠲᠠ | ᠥᠷᠨᠢᠭᠦᠯᠵᠡᠢ᠃ | ᠲᠣᠰ ᠤᠳᠠᠭᠠᠨ ᠤ ᠪᠠᠶᠢᠴᠠᠭᠠᠯᠲᠠ ᠳᠤ ᠬᠤᠳᠠᠯᠳᠤᠭᠠᠴᠢᠨ ᠤ ᠬᠡᠷᠡᠭᠯᠡᠵᠦ ᠪᠠᠶᠢᠭ᠎ᠠ ᠡᠯᠧᠺᠲᠷᠣᠨ ᠵᠢᠩᠯᠡᠭᠦᠷ ᠢᠶᠠᠷ | ᠭᠤᠣᠯᠳᠠᠯᠭ᠎ᠠ ᠪᠣᠯᠭᠠᠵᠤ᠂ ᠬᠠᠤᠯᠢ ᠪᠤᠰᠤ ᠠᠷᠭ᠎ᠠ ᠪᠠᠷᠢᠯ ᠢ ᠠᠰᠢᠭᠯᠠᠨ ᠬᠡᠮ ᠦᠢᠯᠡᠳᠬᠦ ᠲᠣᠨᠣᠭᠯᠠᠯ ᠤᠭᠰᠠᠷᠠᠵᠤ | ᠬᠡᠮᠵᠢᠯᠲᠡ ᠶᠢᠨ ᠬᠡᠮ ᠬᠢᠭᠰᠡᠨ ᠠᠴᠠ ᠪᠣᠯᠵᠤ ᠵᠢᠩ ᠯᠠᠩ ᠳᠤᠲᠠᠭᠤ ᠪᠣᠯᠤᠭᠰᠠᠨ ᠦᠶᠯᠡ ᠠᠵᠢᠯᠯᠠᠭ᠎ᠠ ᠣᠷᠣᠰᠢᠵᠤ | ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠠᠵᠢᠯᠯᠠᠭ᠎ᠠ ᠶᠢᠨ ᠳᠤᠮᠳᠠ ᠢᠯᠡᠷᠡᠭᠦᠯᠦᠭᠰᠡᠨ ᠬᠡᠮᠵᠢᠯᠲᠡ ᠶᠢᠨ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠬᠡᠮᠵᠢᠯᠲᠡ ᠶᠢᠨ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ᠂ ᠬᠠᠮᠢᠶ᠎ᠠ ᠪᠦᠬᠦᠢ | ᠡᠵᠡᠩᠨᠡᠯᠲᠡ ᠶᠢᠨ ᠡᠷᠦᠬᠡ ᠶᠢ ᠰᠡᠷᠡᠮᠵᠢᠯᠡᠭᠦᠯᠦᠨ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ | ᠤᠬᠠᠮᠰᠠᠷ ᠠᠴᠠ ᠪᠠᠨ ᠪᠡᠶᠡᠯᠡᠭᠦᠯᠵᠦ᠂ ︽ᠵᠢᠩ ᠯᠠᠩ ᠳᠤᠲᠠᠬᠤ︾ ᠶᠢ ᠡᠷᠡᠰ ᠬᠤᠷᠢᠭᠯᠠᠨ᠎ᠠ᠃ ᠪᠠᠶᠢᠴᠠᠭᠠᠯᠲᠠ ᠬᠢᠬᠦ ᠶᠢᠨ | ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠨ ᠤ ᠡᠷᠦᠬᠡ ᠳᠤ ᠦᠨᠡᠨᠴᠢ ᠢᠲᠡᠭᠡᠮᠵᠢ ᠶᠢᠨ | ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ | ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢᠲᠡᠢ ᠪᠠᠷ ᠡᠵᠡᠩᠨᠡᠯᠲᠡ ᠬᠢᠬᠦ ᠶᠢ ᠤᠷᠢᠶᠠᠯᠠᠨ᠂ ᠦᠨᠡᠨᠴᠢ | ᠢᠲᠡᠭᠡᠮᠵᠢᠲᠡᠢ ᠪᠠᠷ ᠡᠵᠡᠩᠨᠡᠬᠦ ᠤᠬᠠᠮᠰᠠᠷ ᠢ ᠨᠢ ᠳᠡᠭᠡᠭᠰᠢᠯᠡᠭᠦᠯᠪᠡ᠃ |