1—8 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠪᠠᠭ᠋ᠠᠨ ᠳᠡᠭᠡᠭᠰᠢᠯᠡᠪᠡ
ᠨᠡᠶᠢᠲᠡᠯᠡᠭᠰᠡᠨ ᠴᠠᠭ᠄
2023/9/21
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠬᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠴᠢᠩᠱᠠᠨ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠬᠢᠭᠡᠳ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠶᠡᠷᠦᠩᠬᠡᠢ ᠳᠡᠭᠡᠨ ᠳᠡᠭᠡᠭᠰᠢᠯᠡᠬᠦ ᠬᠠᠨᠳᠤᠰᠢ ᠲᠠᠢ ᠪᠤᠯᠪᠠ᠃      1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1—7 ᠳ᠋ᠤᠭᠠᠷ ᠰᠠᠷ᠎ᠠ ᠶᠢᠨ ᠬᠢ ᠠᠴᠠ 9.6 ᠵᠠᠭᠤᠨ ᠤ ᠨᠢᠭᠡᠴᠢ ᠪᠠᠭᠠᠰᠴᠠᠢ᠃ ᠡᠭᠦᠨ ᠳᠤ᠂ ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.1% ᠪᠠᠷ ᠪᠠᠭᠤᠷᠠᠵᠤ᠂ ᠪᠥᠬᠦ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠶᠢᠨ 74.9% ᠶᠢ ᠡᠵᠡᠯᠡᠪᠡ᠃      ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠰᠠᠶᠢᠵᠢᠷᠠᠬᠤ ᠶᠢ ᠳᠠᠭᠠᠯᠳᠤᠨ᠂ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠤᠯᠠᠮ ᠢᠶᠠᠷ ᠨᠡᠮᠡᠭᠳᠡᠪᠡ᠃ 1—8 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 33.3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠨ᠂ 1—7 ᠳ᠋ᠤᠭᠠᠷ ᠰᠠᠷ᠎ᠠ ᠶᠢᠨ ᠬᠢ ᠠᠴᠠ 6.7 ᠵᠠᠭᠤᠨ ᠤ ᠨᠢᠭᠡᠴᠢ ᠳᠡᠭᠡᠭᠰᠢᠯᠡᠵᠡᠢ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 26.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ  ᠨᠢ 1—7 ᠳ᠋ᠤᠭᠠᠷ ᠰᠠᠷ᠎ᠠ ᠶᠢᠨ ᠬᠢ ᠠᠴᠠ 9.6 ᠵᠠᠭᠤᠨ ᠤ ᠨᠢᠭᠡᠴᠢ ᠳᠡᠭᠡᠭᠰᠢᠯᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号