ᠴᠢᠩᠱᠠᠨ ᠲᠣᠭᠤᠷᠢᠭ ᠤᠨ ᠵᠠᠩ ᠳᠠᠳᠬᠠᠯ ᠢ ᠥᠭᠡᠷᠡᠴᠢᠯᠡᠬᠦ ᠬᠥᠳᠡᠭᠡᠲ᠋ᠤᠰᠬᠤᠨ ᠤ ᠵᠠᠩ ᠰᠤᠷᠲᠠᠯ ᠤᠨ | ᠪᠣᠯᠪᠠᠰᠤᠨ ᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨ᠎ᠡ ᠰᠤᠷᠲᠠᠯ ᠲᠥᠪ ᠰᠤᠷᠲᠠᠯ ᠢ | ᠪᠠᠳᠠᠷᠠᠭᠤᠯᠵᠤ᠂ ᠥᠨᠳᠥᠷ ᠦᠨ᠎ᠡ ᠲᠠᠢ ᠤᠷᠤᠭ ᠤᠨ ᠪᠡᠯᠡᠭ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ | ᠬᠤᠷᠢᠭᠯᠠᠵᠤ᠂ ᠪᠠᠶᠠᠷ ᠤᠨ ᠶᠠᠪᠤᠳᠠᠯ ᠢ ᠰᠢᠨ᠎ᠡ ᠪᠠᠷ ᠡᠷᠬᠢᠯᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ | ᠨᠡᠶᠢᠭᠡᠮ ᠤᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ 9 ᠰᠠᠷ᠎ᠠ ᠶᠢᠨ 20 ᠤ ᠡᠳᠦᠷ᠂ ᠴᠢᠩᠱᠠᠨ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠳ᠋ᠦᠩ ᠳ᠋ᠡ ᠭᠧᠦ | ᠲᠣᠰᠬᠤᠨ ᠳᠤ ᠤᠷᠠᠨ ᠰᠠᠶᠢᠬᠠᠨ ᠤ ᠲᠣᠭᠯᠠᠯᠲᠠ ᠶᠢᠨ ᠤᠬᠠᠭᠤᠯᠭ᠎ᠠ ᠪᠠᠷ ᠵᠠᠩ ᠳᠠᠳᠬᠠᠯ ᠢ ᠥᠭᠡᠷᠡᠴᠢᠯᠡᠵᠦ ᠴᠠᠭ | ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠲᠤᠭᠯᠠᠯᠲᠠ ᠦᠷᠨᠢᠭᠦᠯᠪᠡ᠃ | ᠲᠣᠭᠯᠠᠯᠲᠠ ᠨᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠵᠠᠩ ᠳᠠᠳᠬᠠᠯ ᠢ ᠥᠭᠡᠷᠡᠴᠢᠯᠡᠬᠦ | ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠵᠠᠩ ᠳᠠᠳᠬᠠᠯ ᠢ ᠥᠭᠡᠷᠡᠴᠢᠯᠡᠬᠦ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢ ᠫᠷᠣᠭ᠍ᠷᠠᠮ ᠳᠤ ᠠᠭᠤᠰᠬᠠᠨ ᠣᠷᠣᠭᠤᠯᠵᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ | ᠵᠠᠩ ᠳᠠᠳᠬᠠᠯ ᠢ ᠥᠭᠡᠷᠡᠴᠢᠯᠡᠬᠦ ᠶᠢᠨ ᠤᠳᠬ᠎ᠠ ᠠᠭᠤᠯᠭ᠎ᠠ ᠶᠢ ᠲᠣᠳᠣᠷᠬᠠᠶᠢᠯᠠᠨ ᠥᠭᠦᠯᠡᠵᠦ᠂ ᠤᠯᠠᠨ ᠢᠶᠠᠷ ᠢᠶᠠᠨ | ᠬᠠᠭᠤᠴᠢᠨ ᠵᠤᠷᠰᠢᠯ ᠢ ᠡᠪᠳᠡᠬᠦ᠂ ᠪᠣᠯᠬᠢ ᠳᠠᠳᠬᠠᠯ ᠢ ᠠᠷᠢᠯᠭᠠᠬᠤ᠂ ᠪᠣᠯᠪᠠᠰᠤᠨ ᠢ ᠤᠯᠠᠮᠵᠢᠯᠠᠬᠤ᠂ ᠰᠢᠨ᠎ᠡ ᠬᠡᠪ | ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠪᠠ᠃ | ᠴᠢᠩᠱᠠᠨ ᠲᠣᠭᠤᠷᠢᠭ ᠤᠨ ᠬᠢᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠩ | ᠳᠠᠳᠬᠠᠯ ᠢ ᠥᠭᠡᠷᠡᠴᠢᠯᠡᠬᠦ ᠠᠵᠢᠯ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ | ᠣᠷᠣᠭᠤᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠵᠠᠩ ᠳᠠᠳᠬᠠᠯ ᠢ ᠥᠭᠡᠷᠡᠴᠢᠯᠡᠬᠦ | ᠪᠣᠯᠪᠠᠰᠤᠨ ᠰᠢᠨ᠎ᠡ ᠰᠤᠷᠲᠠᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠪᠣᠯᠣᠨ᠎ᠠ᠃ | | | | | | | | | | | |