9 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠢ ᠶᠦᠨ ᠰᠢ ᠰᠠᠶᠢᠬᠠᠨ ᠵᠠᠮ ︵ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠵᠠᠮ — | ᠹᠦ᠋ ᠰᠢᠩ ᠶᠡᠭᠡ ᠵᠡᠭᠡᠯᠢ︶ ᠤᠨ ᠬᠡᠰᠡᠭ ᠤᠨ ᠵᠠᠮ ᠢ ᠥᠷᠭᠡᠳᠬᠡᠨ ᠥᠭᠡᠷᠡᠴᠢᠯᠡᠬᠦ ᠢᠨᠵᠧᠨᠧᠷᠢᠩ᠂ ᠰᠠᠶᠢᠬᠠᠨ ᠵᠠᠮ ᠢ | ᠤᠮᠠᠷᠠᠰᠢ ᠤᠷᠲᠤᠳᠬᠠᠬᠤ ᠢᠨᠵᠧᠨᠧᠷᠢᠩ᠂ ᠹᠦ᠋ ᠰᠢᠩ ᠶᠡᠭᠡ ᠵᠡᠭᠡᠯᠢ ᠶᠢᠨ ᠲᠦᠷᠭᠡᠨ ᠵᠠᠮ ᠤᠨ ᠢᠨᠵᠧᠨᠧᠷᠢᠩ ᠵᠡᠷᠭᠡ | ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠳᠤ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠵᠡᠢ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠠᠢ ᠶᠦᠨ ᠰᠢ ᠨᠠᠷ ᠤᠷᠢᠳ ᠬᠤᠵᠢᠳ ᠰᠠᠶᠢᠬᠠᠨ ᠵᠠᠮ᠂ ᠹᠦ᠋ | ᠰᠢᠩ ᠶᠡᠭᠡ ᠵᠡᠭᠡᠯᠢ ᠶᠢᠨ ᠲᠦᠷᠭᠡᠨ ᠬᠤᠷᠳᠤ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠠᠷᠢᠯᠭ᠎ᠠ ᠶᠢᠨ ᠠᠬᠢᠴᠠ᠂ ᠣᠳᠣᠬᠠᠨ ᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ | ᠠᠰᠠᠭᠤᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ | ᠬᠠᠷᠢᠭᠤᠴᠠᠯᠭᠠᠲᠤ ᠨᠢᠭᠡᠴᠡ ᠲᠠᠢ ᠨᠢᠭᠤᠷᠳᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠤ᠂ ᠠᠷᠭ᠎ᠠ ᠬᠡᠮᠵᠢᠶ᠎ᠡ ᠶᠢ | ᠵᠥᠪᠳᠡᠯᠴᠡᠪᠡ᠃ | ᠪᠠᠢ ᠶᠦᠨ ᠰᠢ᠂ ᠴᠢᠬᠤᠯᠠ ᠶᠡᠭᠡ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ | ᠴᠢᠬᠤᠯᠠ ᠰᠠᠭᠤᠷᠢ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠣᠨ᠎ᠠ᠂ ᠣᠷᠣᠨ ᠪᠦᠰᠡ ᠶᠢᠨ ᠬᠥᠭᠵᠢᠯᠲᠡ᠂ ᠬᠤᠳᠠ ᠶᠢᠨ ᠳᠦᠷᠢ ᠲᠥᠷᠬᠦ ᠪᠠ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠲᠠᠢ ᠬᠤᠯᠪᠣᠭᠳᠠᠵᠤ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠰᠠᠶᠢᠵᠢᠷᠠᠭᠤᠯᠬᠤ ᠵᠠᠩᠭᠢᠯᠠᠭ᠎ᠠ ᠶᠢᠨ ᠭᠠᠷᠳᠠᠴᠠ ᠪᠣᠯᠬᠤ | ᠪᠥᠭᠡᠳ ᠪᠦᠲᠦᠮᠵᠢᠲᠡᠢ ᠪᠡᠯᠡ ᠣᠷᠣᠭᠤᠯᠤᠯᠲᠠ ᠶᠢ ᠳᠠᠶᠢᠴᠢᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠤᠲᠠ ᠶᠢᠨ ᠴᠢᠳᠠᠮᠵᠢ ᠶᠢ | ᠲᠡᠭᠦᠯᠳᠡᠷᠵᠢᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠤ | ᠠᠮᠢᠳᠤᠷᠠᠯ ᠳᠤ ᠲᠥᠬᠦᠮ ᠦᠵᠡᠭᠦᠯᠬᠦ ᠵᠡᠷᠭᠡ ᠯᠦᠭᠡ ᠤᠶᠠᠯᠳᠤᠭᠤᠯᠵᠤ᠂ ᠬᠤᠲᠠ ᠶᠢᠨ ᠳᠠᠭᠠᠭᠠᠴᠠ᠂ ᠲᠠᠲᠠᠬᠤ ᠬᠦᠴᠦᠨ | ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ︔ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠮᠤᠷ ᠲᠦᠪᠰᠢᠨ ᠤ ᠪᠣᠭᠤᠮᠲᠠ ᠪᠠ ᠶᠠᠰᠤ ᠴᠢᠨᠠᠷ ᠤᠨ ᠪᠣᠭᠤᠮᠲᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠡᠷᠲᠡ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ᠂ ᠤᠯᠠᠨ ᠲᠦᠮᠡᠨ ᠳᠤ ᠡᠷᠲᠡ ᠠᠰᠢᠭ ᠬᠦᠷᠲᠡᠭᠡᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠ ᠶᠢᠨ ᠳᠦᠷᠢ ᠲᠥᠷᠬᠦ ᠶᠢᠨ ᠶᠠᠰᠤ ᠴᠢᠨᠠᠷ ᠪᠠ ᠳᠠᠭᠠᠭᠠᠴᠠ ᠶᠢᠨ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | |